ᠳ᠋ᠠ ᠲᠠᠩ  ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠢᠩᠬᠢᠨᠢ ᠪᠠᠷ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/4/23
     4 ᠳ᠋ᠤᠭᠡᠷ ᠰᠠᠷ᠎ᠠ ᠶᠢᠨ 18  ᠤ ᠡᠳᠦᠷ᠂ ᠳ᠋ᠠ ᠲᠠᠩ ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠱᠠᠨᠳᠦ᠋ᠩ ᠤᠨ ᠴᠠᠬᠢᠯᠭᠠᠨ ᠤ ᠪᠠᠷᠢᠯᠭ᠎ᠠ ᠶᠢᠨ ᠨᠢᠭᠡᠳᠦᠭᠡᠷ ᠺᠣᠮᠫᠠᠨᠢ ᠶᠢᠨ ᠤᠮᠠᠷᠠᠲᠤ ᠶᠢᠨ ᠺᠣᠮᠫᠠᠨᠢ᠂ ᠳᠤᠮᠳᠠᠳᠤ ᠤᠯᠤᠰ ᠤᠨ ᠰᠢᠨᠵᠢᠶᠠᠩ ᠤᠨ ᠺᠠᠶᠢᠷᠦᠢ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠺᠣᠮᠫᠠᠨᠢ᠂ ᠤᠮᠠᠷᠠᠲᠤ ᠶᠢᠨ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠲᠠᠢ ᠬᠠᠮᠲᠤᠷᠠᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ ᠡᠬᠢᠯᠡᠬᠦ ᠶᠣᠰᠣᠯᠠᠯ ᠢ ᠡᠷᠬᠢᠯᠡᠪᠡ᠃
     ᠬᠥᠬᠡᠬᠤᠲᠠ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠥᠰᠥᠯ ᠵᠢᠴᠢ ︽ᠬᠥᠬᠡᠬᠤᠲᠠ ᠶᠢᠨ ᠢᠯᠴᠢ ᠬᠠᠩᠭᠠᠬᠤ ᠲᠥᠯᠦᠪᠵᠢᠭᠦᠯᠭᠡ ᠶᠢᠨ ᠲᠣᠬᠢᠷᠠᠭᠤᠯᠤᠯᠲᠠ︾ ︵2018 ᡺ 2020︶ ᠶᠢ ᠦᠨᠳᠦᠰᠦᠯᠡᠪᠡᠯ᠂ ᠬᠥᠬᠡᠬᠤᠲᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠪᠣᠯᠣᠨ ᠡᠵᠡᠮᠳᠡᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ ᠣᠳᠣᠬᠢᠴᠢᠯᠠᠭᠰᠠᠨ ᠬᠤᠲᠠ  ᠶᠢ ᠴᠢᠷᠮᠠᠶᠢᠨ ᠪᠠᠶᠢᠭᠤᠯᠵᠤ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠪᠠᠷ ᠭᠤᠣᠯ ᠪᠣᠯᠭᠠᠵᠤ᠂ ᠴᠡᠪᠡᠷ ᠡᠨᠧᠷᠭᠢ ᠪᠠᠷ ᠬᠠᠪᠰᠤᠷᠤᠮᠵᠢ ᠪᠣᠯᠭᠠᠵᠤ᠂ ᠤᠯᠠᠨ ᠢᠯᠴᠢ ᠡᠭᠦᠰᠬᠡᠭᠴᠢ ᠶᠢ ᠬᠠᠷᠢᠯᠴᠠᠨ ᠨᠥᠬᠦᠪᠦᠷᠢᠯᠡᠬᠦ ᠪᠠᠷ ᠶᠡᠷᠦᠩᠬᠡᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠰᠡᠳᠬᠢᠴᠡ ᠪᠠᠨ ᠪᠣᠯᠭᠠᠵᠤ᠂ ᠬᠥᠬᠡᠬᠤᠲᠠ ᠶᠢᠨ ᠵᠠᠰᠠᠭ ᠤᠨ ᠣᠷᠳᠣᠨ ᠠᠴᠠ ᠴᠠᠬᠢᠯᠭᠠᠨ ᠳᠠᠮᠵᠢᠭᠤᠯᠬᠤ ᠪᠠᠷ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠰᠢᠨ᠎ᠡ ᠢᠯᠴᠢ ᠡᠭᠦᠰᠬᠡᠭᠴᠢ ᠶᠢᠨ ᠴᠡᠭ ᠪᠣᠯᠭᠠᠵᠤ ᠂ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠳᠤ ᠢᠯᠴᠢ ᠬᠠᠩᠭᠠᠬᠤ ᠥᠭᠡᠷᠡᠴᠢᠯᠡᠯᠲᠡ ᠬᠢᠭᠰᠡᠨ ᠤ ᠲᠠᠷᠠᠭ᠎ᠠ᠂ ᠤᠷᠳᠤ ᠳᠠᠮᠵᠢᠭᠤᠯᠬᠤ ᠬᠤᠭᠤᠯᠠᠢ ᠲᠣᠣᠷ ᠤᠨ ᠬᠡᠯᠪᠡᠷᠢ ᠪᠠᠷ ᠬᠥᠬᠡᠬᠤᠲᠠ ᠶᠢᠨ ᠬᠤᠳᠠ ᠶᠢᠨ ᠲᠣᠭᠤᠷᠢᠭ ᠲᠤ ᠢᠯᠴᠢ ᠬᠠᠩᠭᠠᠬᠤ ᠬᠠᠯᠠᠭᠤᠨ ᠤᠰᠤ ᠬᠠᠩᠭᠠᠵᠤ᠂ ᠬᠥᠬᠡᠬᠤᠲᠠ ᠶᠢᠨ ᠢᠯᠴᠢ ᠬᠠᠩᠭᠠᠬᠤ ᠬᠡᠷᠡᠭᠴᠡᠭᠡ ᠶᠢ ᠬᠠᠩᠭᠠᠬᠤ ᠪᠠᠷ ᠲᠣᠭᠲᠠᠪᠠ᠃
     ᠬᠥᠬᠡᠬᠤᠲᠠ ᠶᠢᠨ ᠳᠠᠷᠤᠭ᠎ᠠ ᠶᠢᠨ ᠴᠠᠬᠢᠯᠭᠠᠨ ᠢᠶᠠᠷ ᠢᠯᠴᠢ ᠳᠠᠮᠵᠢᠭᠤᠯᠬᠤ ᠪᠠ ᠬᠠᠩᠭᠠᠬᠤ ᠢᠯᠴᠢ ᠶᠢᠨ ᠢᠷᠡᠯᠲᠡ ᠶᠢ ᠥᠭᠡᠷᠡᠴᠢᠯᠡᠬᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠵᠦ᠂ ᠬᠤᠶᠠᠷ ᠬᠤᠭᠤᠴᠠᠭᠠᠨ ᠳᠤ ᠬᠡᠷᠡᠭᠵᠢᠭᠦᠯᠦᠨ᠎ᠡ᠃ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠢᠨᠵᠧᠨᠧᠷᠢᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 5300 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠴᠢᠳᠠᠪᠤᠷᠢ ᠶᠢ ᠪᠦᠷᠢᠯᠳᠦᠭᠦᠯᠵᠦ᠂ ᠶᠡᠷᠦᠩᠬᠡᠢ ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 9100 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠢᠯᠴᠢ ᠬᠠᠩᠭᠠᠬᠤ ᠴᠢᠳᠠᠪᠤᠷᠢ ᠶᠢ ᠪᠡᠶᠡᠯᠡᠭᠦᠯᠵᠦ ᠪᠣᠯᠣᠨ᠎ᠠ᠃
      ᠲᠤᠭᠳᠠᠬᠤ ᠴᠠᠬᠢᠯᠭᠠᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠦᠷᠦᠯ ᠵᠦᠢᠯ ᠪᠣᠯ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ  ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠪᠠ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ ᠠᠬᠢᠭᠤᠯᠬᠤ ︽ᠬᠥᠳᠡᠯᠭᠡᠭᠦ ᠬᠦᠴᠦᠨ ᠤ ᠢᠨᠵᠧᠨᠧᠷᠢᠩ︾ ᠪᠣᠯᠣᠨ᠎ᠠ᠂ ᠮᠥᠨᠴᠦ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠳ᠋ᠠ ᠲᠠᠩ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ︽ᠦᠯᠢᠬᠡᠷ ᠵᠢᠱᠢᠶ᠎ᠡ ᠦᠵᠡᠭᠦᠯᠬᠦ ᠢᠨᠵᠧᠨᠧᠷᠢᠩ︾ ᠪᠣᠯᠣᠨ᠎ᠠ᠂ ᠨᠡᠩ ᠴᠤ ᠠᠷᠠᠳ ᠤᠯᠠᠨ ᠳᠤ ᠠᠰᠢᠭ ᠬᠦᠷᠲᠡᠭᠡᠭ᠊ ‍ᠤ᠋︽ᠬᠠᠶᠢᠷ᠎ᠠ ᠬᠠᠯᠠᠮᠵᠢ ᠶᠢᠨ ᠦᠢᠯᠡᠰ︾ ᠪᠣᠯᠣᠨ᠎ᠠ᠃      ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠶᠢ ᠪᠦᠲᠦᠮᠵᠢᠲᠡᠢ ᠪᠠᠷ ᠨᠠᠮᠳᠠᠭᠤᠯᠵᠤ᠂ ᠬᠥᠬᠡᠬᠤᠲᠠ ᠪᠣᠯᠣᠨ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠣᠷᠴᠢᠨ ᠠᠬᠤᠢ ᠶᠢ ᠰᠠᠶᠢᠵᠢᠷᠠᠭᠤᠯᠬᠤ ᠶᠢᠨ ᠬᠠᠮᠲᠤ ᠲᠣᠮᠣ ᠮᠠᠰᠢᠨ ᠴᠣᠭᠴᠠᠯᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ᠂ ᠪᠥᠬᠦ ᠦᠢᠯᠡᠳᠪᠦᠷᠢ ᠶᠢᠨ ᠢᠯᠴᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠂ ᠣᠷᠴᠢᠨ ᠠᠬᠤᠢ ᠶᠢ ᠰᠠᠶᠢᠵᠢᠷᠠᠭᠤᠯᠬᠤ ᠪᠠ ᠡᠨᠧᠷᠭᠢ ᠶᠢ ᠠᠷᠪᠢᠯᠠᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠬᠦ ᠳᠤ ᠠᠰᠢᠭᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1