ᠲᠣᠭᠲᠠᠬᠤ ᠰᠢᠶᠠᠨ᠄ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/4/24
      ᠠᠵᠤ ᠠᠬᠤᠶᠢᠯᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠲᠠᠰ ᠳᠠᠷᠠᠭᠠᠯᠠᠯ ᠨᠢ ᠪᠤᠳᠤᠯᠢᠶᠠᠨᠲᠠᠢ᠂ ᠭᠤᠭᠴᠤᠭ᠎ᠠ ᠨᠢ ᠣᠯᠠᠨ᠂ ᠴᠠᠭ ᠨᠢ ᠣᠷᠳᠣ ᠪᠠᠶᠢᠳᠠᠭ᠂ ᠡᠨᠡ ᠪᠣᠯ ᠣᠷᠳᠣ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠭᠠᠴᠢᠭᠳᠠᠭᠤᠯᠵᠤ ᠪᠠᠶᠢᠭᠰᠠᠨ ᠠᠰᠠᠭᠤᠳᠠᠯ ᠮᠥᠨ᠃ ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠨᠡᠪᠲᠡᠷᠡᠭᠦᠯᠬᠦ ᠶᠢᠨ ᠲᠥᠯᠥᠭᠡ᠂ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠬᠤᠷᠢᠨ ᠭᠠᠷᠬᠤ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠪ᠊ ‍ᠡ᠋᠃      ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠠᠵᠤ ᠠᠬᠤᠶᠢᠯᠠᠯ ᠡᠷᠭᠢᠯᠡᠬᠦ ᠲᠤᠰᠬᠠᠢ ᠣᠷᠣᠨ︾ ᠤ ᠦᠢᠯᠡᠴᠢᠯᠡᠭᠡᠨ ᠤ ᠴᠣᠩᠬᠤᠨ ᠤ ᠡᠮᠦᠨ᠎ᠡ᠂ ᠠᠵᠤ ᠠᠬᠤᠶᠢᠯᠠᠯ ᠤᠨ ᠠᠵᠢᠯᠲᠠᠨ ᠴᠢᠨ ᠰᠢᠶᠠ ᠶᠠᠭ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠤᠴᠢᠷ ᠶᠠᠪᠤᠳᠠᠯ ᠢ ᠭᠦᠢᠴᠡᠳᠬᠡᠵᠦ ᠪᠠᠶᠢᠨ᠎ᠠ᠂ ᠵᠥᠪᠬᠡᠨ ᠨᠢᠭᠡ ᠯᠡ ᠬᠦᠰᠦᠨᠦᠭ ᠲᠠᠭᠯᠠᠬᠤ ᠪᠠᠷ ᠳᠡᠮᠵᠢᠨ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠭᠤᠶᠤᠴᠢᠯᠠᠯ ᠢ ᠪᠡᠶᠡᠯᠡᠭᠦᠯᠦᠭᠰᠡᠨ ᠪᠠᠶᠢᠨ᠎ᠠ᠃ ︽ᠣᠳᠣᠬᠠᠨ ᠳᠤ ᠠᠵᠤ ᠠᠬᠤᠶᠢᠯᠠᠯ ᠢ ᠳᠠᠩᠰᠠᠨ   ᠠᠴᠠ ᠬᠠᠰᠤᠬᠤ ᠳᠤ ᠦᠨᠡᠬᠡᠷ ᠳᠥᠭᠦᠮ ᠪᠣᠯᠵᠠᠢ᠂ ᠥᠩᠭᠡᠷᠡᠭᠰᠡᠨ ᠳᠤ ᠠᠵᠤ ᠠᠬᠤᠶᠢᠯᠠᠯ ᠢ ᠳᠠᠩᠰᠠᠨ ᠠᠴᠠ ᠬᠠᠰᠤᠬᠤ ᠳᠤ ᠡᠯ᠎ᠡ ᠰᠠᠯᠠᠭ᠎ᠠ ᠮᠥᠴᠢᠷ ᠤᠨ ᠴᠣᠩᠬᠤᠨ ᠳᠤ ᠣᠴᠢᠵᠤ᠂ ᠨᠢᠭᠡ ᠨᠢᠭᠡ ᠪᠠᠷ ᠭᠡᠷᠡᠴᠢ ᠦᠨᠡᠮᠯᠡᠯ ᠢ ᠳᠠᠩᠰᠠᠨ ᠠᠴᠠ ᠬᠠᠰᠤᠬᠤ ᠬᠡᠷᠡᠭᠲᠡᠢ ᠪᠠᠶᠢᠵᠠᠢ᠂ ᠣᠳᠣ ᠬᠡᠷᠡᠭᠯᠡᠬᠦ ᠦᠭᠡᠢ ᠪᠣᠯᠵᠠᠢ᠂ ᠨᠢᠭᠡ ᠴᠣᠩᠬᠤᠨ ᠳᠤ ᠣᠴᠢᠵᠤ ᠭᠦᠢᠴᠡᠳᠬᠡᠪᠡᠯ ᠠᠵᠢᠯᠲᠠᠳ ᠴᠥᠮ ᠲᠡᠭᠦᠨ ᠢ ᠬᠠᠪᠰᠤᠷᠤᠨ ᠰᠢᠢᠳᠪᠦᠷᠢᠯᠡᠵᠦ ᠥᠭᠬᠦ ᠪᠣᠯᠣᠨ᠎ᠠ᠂ ᠢᠩᠭᠢᠪᠡᠯ ᠪᠢ ᠮᠠᠰᠢ ᠣᠯᠠᠨ ᠤᠴᠢᠷ ᠶᠠᠪᠤᠳᠠᠯ ᠢ ᠳᠤᠲᠠᠭᠤ ᠬᠢᠵᠦ ᠪᠣᠯᠣᠨ᠎ᠠ︾ ᠭᠡᠵᠦ ᠴᠢᠨ ᠰᠢᠶᠠ ᠪᠠᠶᠠᠷᠲᠠᠢ ᠪᠠᠷ ᠬᠡᠯᠡᠪᠡ᠃      ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2022 ᠣᠨ ᠠᠴᠠ ᠡᠬᠢᠯᠡᠨ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠨᠢ ᠳᠠᠷᠤᠢ ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠠᠪᠤᠴᠠ ᠶᠢ ᠬᠦᠴᠦᠨ ᠦᠭᠡᠢ ᠪᠣᠯᠭᠠᠬᠤ ᠶᠠᠪᠤᠴᠠ ᠶᠢ ᠢᠳᠡᠪᠬᠢᠲᠡᠢ ᠪᠠᠷ ᠰᠦᠪᠡᠭᠴᠢᠯᠡᠨ ᠰᠢᠯᠢᠳᠡᠭᠵᠢᠭᠦᠯᠵᠦ᠂ ᠣᠳᠣᠬᠠᠨ ᠳᠤ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ᠂ ᠠᠯᠪᠠᠨ ᠲᠠᠮᠠᠭ᠎ᠠ ᠵᠡᠷᠭᠡ ᠠᠳᠠᠯᠢ ᠪᠤᠰᠤ ᠰᠠᠯᠠᠭ᠎ᠠ ᠮᠥᠴᠢᠷ ᠤᠨ ᠠᠳᠠᠯᠢ ᠪᠤᠰᠤ ᠤᠴᠢᠷ ᠶᠠᠪᠤᠳᠠᠯ ᠤᠨ ᠬᠤᠭᠤᠷᠣᠨᠳᠤ ᠪᠠᠨ ᠬᠠᠮᠵᠢᠯᠴᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ ︽ᠢᠵᠢ ᠦᠢᠯᠡᠴᠢᠯᠡᠭᠡᠨ ᠤ ᠮᠠᠶ᠋ᠢᠭ︾ ᠤᠨ ᠬᠦᠴᠦᠨ ᠦᠭᠡᠢ ᠪᠣᠯᠭᠠᠬᠤ ᠦᠢᠯᠡᠴᠢᠯᠡᠭᠡ ᠬᠠᠩᠭᠠᠵᠤ᠂ ᠢᠯᠭᠠᠷᠠᠭᠤᠯᠤᠨ ᠪᠤᠳᠤᠬᠤ ᠳᠤᠭᠤᠶᠢᠯᠠᠩ ᠤᠨ ᠳᠡᠩᠰᠡᠯᠡᠨ ᠲᠡᠮᠳᠡᠭᠯᠡᠬᠦ ᠪᠠ ᠠᠪᠴᠠᠭᠠᠲᠠᠨ ᠤ ᠠᠯᠪᠠᠨ ᠵᠠᠷ ᠢ ᠨᠡᠶᠢᠯᠡᠭᠦᠯᠦᠨ ᠭᠦᠢᠴᠡᠳᠬᠡᠬᠦ ᠂ ᠡᠵᠡᠩᠨᠡᠯᠲᠡ ᠶᠢᠨ ᠦᠨᠡᠮᠯᠡᠯ ᠢ ᠬᠦᠴᠦᠨ ᠦᠭᠡᠢ ᠪᠣᠯᠭᠠᠬᠤ᠂ ᠭᠠᠶᠢᠯᠢ ᠶᠢᠨ ᠶᠠᠪᠤᠳᠠᠯ ᠢ ᠬᠦᠴᠦᠨ ᠦᠭᠡᠢ ᠪᠣᠯᠭᠠᠬᠤ᠂ ᠠᠯᠪᠠᠨ ᠲᠠᠮᠠᠭ᠎ᠠ ᠶᠢ ᠬᠦᠴᠦᠨ ᠦᠭᠡᠢ ᠪᠣᠯᠭᠠᠬᠤ ᠵᠡᠷᠭᠡ ᠵᠠᠩᠭᠢᠯᠠᠭ᠎ᠠ ᠳᠤ ᠢᠵᠢ ᠦᠢᠯᠡᠴᠢᠯᠡᠭᠡᠨ ᠤ ᠮᠠᠶ᠋ᠢᠭ ᠤᠨ ᠬᠠᠮᠲᠤᠷᠠᠨ ᠭᠦᠢᠴᠡᠳᠬᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠶᠢ ᠭᠦᠢᠴᠡᠳᠬᠡᠬᠦ ᠳᠤ ᠵᠥᠪᠬᠡᠨ ︽ᠨᠢᠭᠡ ᠯᠡ ᠤᠳᠠᠭ᠎ᠠ ᠳᠡᠭᠡᠷ᠎ᠡ ᠴᠣᠩᠬᠤᠨ ᠳᠤ ᠣᠴᠢᠵᠤ᠂ ᠨᠢᠭᠡ ᠢᠵᠢ ᠮᠠᠲ᠋ᠧᠷᠢᠶᠠᠯ ᠲᠤᠰᠢᠶᠠᠬᠤ︾ ᠬᠡᠷᠡᠭᠲᠡᠢ᠃ ᠡᠭᠦᠨ ᠠᠴᠠ ᠭᠠᠳᠠᠨ᠎ᠠ᠂ ᠬᠦᠴᠦᠨ ᠦᠭᠡᠢ ᠪᠣᠯᠭᠠᠬᠤ ᠲᠥᠬᠦᠮ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ ᠵᠥᠪᠬᠡᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠤ ᠲᠡᠭᠦᠨ ᠤ ᠠᠵᠢᠯ ᠡᠬᠢᠯᠡᠭᠦᠯᠦᠭᠰᠡᠨ ᠦᠭᠡᠢ ᠪᠤᠶᠤ ᠠᠪᠴᠠᠭ᠎ᠠ ᠥᠭᠴᠡᠭᠡ ᠦᠭᠡᠢ ᠪᠠᠶᠢᠳᠠᠯ ᠢᠶᠠᠨ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠤ ᠳᠠᠷᠠᠭ᠎ᠠ ᠰᠦᠯᠵᠢᠶᠡᠨ ᠳᠡᠭᠡᠷ᠎ᠡ ᠳᠠᠩᠰᠠᠯᠠᠬᠤ ᠪᠠᠶᠢᠭᠤᠯᠭ᠎ᠠ ᠳᠤ ᠭᠤᠶᠤᠴᠢᠯᠠᠯ ᠤᠨ ᠪᠢᠴᠢᠭ ᠵᠢᠴᠢ ᠪᠥᠬᠦ ᠪᠡᠯᠡ ᠣᠷᠣᠭᠤᠯᠤᠭᠴᠢ ᠶᠢᠨ ᠠᠮᠠᠯᠠᠯᠲᠠ ᠶᠢᠨ ᠪᠢᠴᠢᠭ ᠢᠶᠠᠨ ᠲᠤᠰᠢᠶᠠᠪᠠᠯ ᠳᠠᠷᠤᠢ ᠪᠣᠶ ᠪᠦᠬᠦᠢ ᠶᠠᠪᠤᠴᠠ ᠶᠢ ᠪᠡᠶᠡᠯᠡᠭᠦᠯᠵᠦ᠂ ︽ᠨᠢᠭᠡ ᠯᠡ ᠤᠳᠠᠭ᠎ᠠ ᠳᠤ ᠲᠤᠰᠢᠶᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠦᠨᠡᠨ ᠬᠦ ᠪᠡᠶᠡᠯᠡᠭᠦᠯᠵᠦ ᠪᠣᠯᠣᠨ᠎ᠠ᠃ ᠠᠵᠤ ᠠᠬᠤᠶᠢᠯᠠᠯ ᠤᠨ ᠬᠦᠴᠦᠨ ᠦᠭᠡᠢ ᠪᠤᠯᠭᠠᠬᠤ ᠶᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠨᠢ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠢᠯᠡᠳᠲᠡ ᠪᠠᠭᠠᠰᠬᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠪᠠ ᠶᠠᠪᠤᠬᠤ ᠤᠳᠠᠭ᠎ᠠ ᠶᠢ ᠪᠠᠭᠤᠷᠠᠭᠤᠯᠤᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ︽ᠣᠷᠣᠵᠤ ᠳᠡᠶᠢᠯᠬᠦ᠂ ᠭᠠᠷᠴᠤ ᠳᠡᠶᠢᠯᠬᠦ︾ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠦᠭᠰᠡᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ︽ᠬᠠᠮᠤᠭ ᠤᠨ ᠰᠢᠯᠢᠳᠡᠭ᠂ ᠬᠠᠮᠤᠭ ᠤᠨ ᠲᠥᠬᠦᠮ᠂ ᠬᠠᠮᠤᠭ ᠤᠨ ᠲᠦᠷᠭᠡᠨ︾ ᠪᠠᠶᠢᠬᠤ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠨᠢᠭᠡ ᠯᠡ ᠤᠳᠠᠭ᠎ᠠ ᠳᠤ ᠭᠦᠢᠴᠡᠳᠬᠡᠬᠦ ᠲᠤᠬᠠᠶᠢᠯᠠᠭᠰᠠᠨ ᠠᠵᠢᠯ ᠢᠶᠠᠨ ᠬᠦᠴᠦᠨ ᠦᠭᠡᠢ ᠪᠣᠯᠭᠠᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠰᠦᠪᠡᠭᠴᠢᠯᠡᠨ ᠥᠷᠭᠡᠳᠬᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ᠂ ᠨᠠᠩ ᠲᠠᠭᠠᠯᠠᠮᠵᠢᠲᠠᠢ ᠪᠣᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1