ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ︽ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠤᠨ ᠲᠣᠮᠣ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/24
      ᠥᠷᠭᠡᠨ ᠣᠯᠠᠨ ᠲᠦᠮᠡᠨ ᠤ ᠥᠮᠡᠨ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠥᠮᠡᠨ ᠢ ᠡᠰᠡᠷᠭᠦᠴᠡᠬᠦ ᠦᠢᠯᠡᠰ ᠪᠣᠯᠣᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ 4 ᠳ᠋ᠤᠭᠡᠷ ᠰᠠᠷ᠎ᠠ   ᠶᠢᠨ 21 ᠤ ᠡᠳᠦᠷ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠳᠣᠲᠣᠷ ᠰᠠᠯᠠᠭᠠᠨ ᠤ ᠵᠣᠣ ᠯᠢᠨ ᠫᠷᠣᠹᠧᠰᠰᠣᠷ᠂ ᠰᠠᠴᠤᠷᠠᠭ ᠵᠠᠰᠠᠯ ᠤᠨ ᠰᠠᠯᠠᠭᠠᠨ ᠤ ᠮᠧᠩ ᠴᠢᠩ ᠢᠦᠢ ᠫᠷᠣᠹᠧᠰᠰᠣᠷ᠂ ᠬᠥᠩᠭᠡᠵᠢᠭᠦᠯᠬᠦ ᠰᠠᠯᠠᠭᠠᠨ ᠤ ᠷᠧᠨ ᠴᠠᠩ ᠫᠷᠣᠹᠧᠰᠰᠣᠷ ᠤᠨ ᠳᠠᠭᠠᠭᠤᠯᠭ᠎ᠠ ᠳᠣᠣᠷ᠎ᠠ ︽ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠤᠨ ᠲᠣᠮᠣ ᠬᠡᠯᠪᠡᠷᠢ   ᠶᠢᠨ ᠠᠯᠪᠠᠨ ᠵᠢᠷᠤᠮ ᠤᠨ ᠡᠮᠴᠢᠯᠡᠭᠡ ᠪᠣᠯᠣᠨ ᠡᠷᠡᠭᠦᠯ ᠮᠡᠨᠳᠦ   ᠶᠢᠨ ᠲᠠᠶᠢᠯᠤᠮᠵᠢ ᠬᠢᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠳᠣᠲᠣᠷ ᠰᠠᠯᠠᠭᠠᠨ ᠤ ᠵᠤᠤ ᠯᠢᠨ ᠫᠷᠤᠹᠥᠰᠰᠤᠷ ᠤᠯᠠᠨ ᠲᠦᠮᠡᠨ ᠳᠤ ᠬᠠᠪᠤᠳᠠᠷ ᠤᠨ ᠡᠪᠡᠳᠴᠢᠨ ᠤ ᠰᠢᠯᠲᠠᠭᠠᠨ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠪᠠ᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠷᠧᠨ ᠴᠠᠩ ᠫᠷᠣᠹᠧᠰᠰᠣᠷ ᠡᠮᠡᠭᠲᠡᠶᠢᠴᠦᠳ ᠤᠨ ᠨᠡᠶᠢᠳᠡᠮ ᠠᠩᠬᠠᠷᠴᠤ ᠪᠠᠶᠢᠭ᠎ᠠ ᠡᠪᠡᠳᠴᠢᠨ ᠡᠮᠭᠡᠭ ᠤᠨ ᠰᠠᠪᠠ ᠶᠢᠨ ᠬᠦᠵᠦᠭᠦᠨ ᠤ ᠥᠮᠡᠨ ᠢ ᠲᠠᠶᠢᠯᠪᠤᠷᠢᠯᠠᠨ ᠶᠠᠷᠢᠵᠤ᠂ ᠡᠮᠡᠭᠲᠡᠶᠢᠴᠦᠳ ᠤᠨ ᠬᠠᠮᠲᠤᠯᠢᠭ ᠢ ᠣᠯᠠᠨ ᠵᠦᠢᠯ ᠤᠨ ᠬᠡᠯᠪᠡᠷᠢ ᠪᠠᠷ ᠰᠡᠷᠭᠡᠶᠢᠯᠡᠬᠦ ᠬᠡᠷᠡᠭᠲᠡᠢ᠂ ᠨᠥᠬᠦᠴᠡᠯ ᠳᠤ ᠨᠡᠶᠢᠴᠡᠪᠡᠯ HPV ᠸᠠᠺᠼᠢᠨ ᠤ ᠲᠠᠷᠢᠯᠭ᠎ᠠ ᠬᠢᠵᠦ᠂ ᠰᠠᠪᠠ ᠶᠢᠨ ᠬᠦᠵᠦᠭᠦᠨ ᠤ ᠥᠮᠡᠨ ᠤ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠰᠠᠨᠠᠭᠠᠴᠢᠯᠠᠵᠠᠢ᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭᠠᠨ ᠤ ᠫᠷᠣᠹᠧᠰᠰᠣᠷ ᠮᠧᠩ ᠴᠢᠩ ᠢᠦᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡ ᠶᠢ ᠴᠢᠬᠤᠯᠠᠴᠢᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠡᠨᠡ ᠨᠢ ᠪᠥᠬᠦ ᠤᠯᠤᠰ ᠲᠤ ᠵᠥᠪᠬᠡᠨ 2000 ᠭᠠᠷᠤᠢ ᠰᠠᠴᠤᠷᠠᠭ ᠵᠠᠰᠠᠯ ᠤᠨ ᠲᠥᠬᠦᠭᠡᠷᠦᠮᠵᠢ ᠲᠠᠢ ︽ᠬᠤᠷᠳᠤᠳᠬᠠᠭᠤᠷ︾ ᠲᠠᠢ᠂ ᠲᠣᠭᠲᠠᠬᠤ ᠰᠢᠶᠠᠨ ᠳᠤ ᠳᠠᠷᠤᠢ ᠨᠢᠭᠡ ᠰᠠᠭᠤᠷᠢ ᠪᠠᠶᠢᠳᠠᠭ ᠪᠥᠭᠡᠳ ᠣᠷᠴᠢᠨ ᠠᠬᠤᠢ ᠶᠢᠨ ᠨᠥᠯᠥᠭᠡᠯᠡᠯ ᠤᠨ ᠦᠨᠡᠯᠡᠯᠲᠡ ᠶᠢᠨ ᠪᠠᠷᠢᠮᠵᠢᠶ᠎ᠠ ᠪᠠ ᠡᠮᠴᠢᠯᠡᠭᠡᠨ ᠤ ᠡᠬᠢ ᠪᠠᠶᠠᠯᠢᠭ ᠤᠨ ᠲᠠᠯ᠎ᠠ ᠪᠠᠷ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠲᠠᠢ ᠵᠣᠯᠭᠠᠯᠳᠤᠵᠤ᠂ ᠭᠡᠷ ᠤᠨ ᠡᠭᠦᠳᠡᠨ ᠳᠤ ᠪᠥᠬᠦ ᠤᠯᠤᠰ ᠤᠨ ᠲᠡᠷᠢᠭᠦᠨ ᠲᠠᠰ ᠤᠨ ᠡᠮᠴᠢᠯᠡᠭᠡᠨ ᠤ ᠦᠢᠯᠡᠴᠢᠯᠡᠭᠡ ᠶᠢ ᠭᠥᠷᠳᠡᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠥᠮᠡᠨ ᠡᠪᠡᠳᠴᠢᠨ ᠤ ᠡᠬᠢᠨ ᠤ ᠬᠤᠭᠤᠴᠠᠭᠠᠨ ᠤ ᠰᠢᠭᠰᠢᠨ ᠪᠠᠶᠢᠴᠠᠭᠠᠯᠲᠠ ᠥᠷᠨᠢᠭᠦᠯᠵᠦ᠂ ᠣᠯᠠᠨ ᠲᠦᠮᠡᠨ ᠬᠠᠨᠴᠤᠢ ᠪᠠᠨ ᠰᠢᠮᠠᠯᠠᠨ ᠴᠢᠰᠤ ᠰᠣᠷᠣᠬᠤ ᠲᠠᠶᠢᠰᠠᠨ ᠤ ᠡᠮᠦᠨ᠎ᠡ ᠡᠮᠴᠢ ᠰᠤᠪᠢᠯᠠᠭᠴᠢᠳ ᠤᠨ ᠴᠢᠰᠤ ᠠᠪᠴᠤ ᠥᠯᠢᠭᠡᠷ ᠡᠳ᠋ ᠠᠪᠬᠤ ᠶᠢ ᠬᠦᠯᠢᠶᠡᠵᠦ᠂ ᠥᠪᠡᠷ ᠤᠨ ᠡᠷᠡᠭᠦᠯ ᠮᠡᠨᠳᠦ ᠶᠢᠨ ᠢᠶᠠᠨ ᠲᠥᠯᠥᠭᠡ ︽ᠪᠣᠷᠣᠭᠠᠨ ᠠᠴᠠ ᠡᠮᠦᠨ᠎ᠡ ᠴᠤᠪᠠ ᠨᠥᠮᠥᠷᠬᠦ︾ ᠠᠵᠢᠯ ᠢ ᠬᠢᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠤᠨ ᠨᠥᠭᠦᠭᠡ ᠲᠠᠯ᠎ᠠ ᠳᠤ᠂ ᠪᠡᠭᠡᠵᠢᠩ ᠤᠨ ᠲᠤᠰᠬᠠᠢ ᠮᠡᠷᠭᠡᠵᠢᠯᠲᠡᠨ ᠶᠠᠭ ᠮᠠᠨ ᠤ ᠰᠢᠶᠠᠨ ᠤ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠢᠵᠦ ᠪᠠᠶᠢᠨ᠎ᠠ᠂ ᠵᠢᠷᠮᠦᠰᠦᠯᠡᠬᠦ ᠪᠠᠷ ᠪᠡᠯᠡᠳᠬᠡᠵᠦ ᠪᠠᠶᠢᠭ᠎ᠠ ᠯᠢᠦ ᠠᠪᠠᠭ᠋ᠠᠢ HPV ᠸᠠᠺᠼᠢᠨ ᠤ ᠲᠠᠷᠢᠯᠭ᠎ᠠ ᠬᠢᠬᠦ ᠳᠤ ᠠᠩᠬᠠᠷᠬᠤ ᠵᠦᠢᠯᠡᠰ ᠢ ᠠᠰᠠᠭᠤᠨ ᠯᠠᠪᠯᠠᠭᠰᠠᠨ ᠳᠤ ᠷᠧᠨ ᠴᠠᠩ ᠫᠷᠣᠹᠧᠰᠰᠣᠷ ᠨᠠᠷᠢᠨ ᠬᠢᠨᠠᠮᠠᠭᠠᠢ ᠬᠠᠷᠢᠭᠤᠯᠲᠠ ᠥᠭᠴᠡᠢ᠃ ᠵᠠᠩ ᠡᠪᠤᠭᠡᠨ ᠥᠬᠢᠨ ᠢᠶᠠᠨ ᠳᠠᠭᠠᠭᠤᠯᠤᠨ ᠲᠠᠷᠠᠭᠠᠴᠢ ᠶᠢᠨ ᠠᠯᠬᠤᠮ ᠤᠨ ᠡᠮᠴᠢᠯᠡᠭᠡᠨ ᠤ ᠲᠥᠰᠥᠯ ᠢ ᠵᠣᠣ ᠯᠢᠨ ᠫᠷᠣᠹᠧᠰᠰᠣᠷ ᠠᠰᠠᠭᠤᠨ ᠯᠠᠪᠯᠠᠭᠰᠠᠨ ᠳᠤ᠂ ᠵᠣᠣ ᠯᠢᠨ ᠫᠷᠣᠹᠧᠰᠰᠣᠷ ᠲᠤᠰᠬᠠᠢ ᠮᠡᠷᠭᠡᠵᠢᠯ ᠤᠨ ᠪᠥᠭᠡᠳ ᠯᠠᠪᠳᠠᠭᠤᠨ ᠪᠠᠲᠤᠲᠠᠢ ᠰᠠᠨᠠᠭᠤᠯᠭ᠎ᠠ ᠥᠭᠭᠦᠭᠰᠡᠨ ᠪᠠᠶᠢᠨ᠎ᠠ᠃ ᠠᠵᠢᠯᠯᠠᠭ᠎ᠠ ᠶᠢ ᠥᠷᠨᠢᠭᠦᠯᠦᠭᠰᠡᠨ ᠢᠶᠠᠷ ᠤᠯᠠᠨ ᠲᠦᠮᠡᠨ ᠤ ᠡᠷᠡᠭᠦᠯ ᠮᠡᠨᠳᠤ ᠶᠢᠨ ᠤᠬᠠᠮᠰᠠᠷ ᠪᠣᠯᠣᠨ ᠡᠪᠡᠳᠴᠢᠨ ᠡᠮᠭᠡᠭ ᠢ ᠬᠦᠨᠳᠦᠳᠬᠡᠨ ᠦᠵᠡᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃      ︽ᠲᠣᠰ ᠤᠳᠠᠭᠠᠨ ᠤ ᠠᠵᠢᠯᠯᠠᠭ᠎ᠠ ᠨᠢ ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠢᠶᠠᠷ ᠲᠣᠬᠢᠶᠠᠯ ᠪᠣᠯᠭᠠᠵᠤ᠂ ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠡᠷᠡᠭᠦᠯ ᠮᠡᠨᠳᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠥᠮᠡᠨ ᠢ ᠵᠥᠪ ᠲᠠᠨᠢᠵᠤ᠂ ᠥᠮᠡᠨ ᠢ ᠢᠳᠡᠪᠬᠢᠲᠡᠢ ᠪᠠᠷ ᠰᠡᠷᠭᠡᠶᠢᠯᠡᠨ ᠵᠠᠰᠠᠵᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠰᠠᠨᠠᠭᠠᠴᠢᠯᠠᠨ᠎ᠠ᠃ ᠣᠯᠠᠨ ᠲᠦᠮᠡᠨ ᠤ ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠡᠷᠲᠡ ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠤᠨ᠎ᠠ᠃ ᠡᠭᠦᠨ ᠤ ᠵᠡᠷᠭᠡ ᠳᠤ᠂ ᠠᠯᠪᠠᠨ ᠵᠢᠷᠤᠮ ᠤᠨ ᠡᠮᠴᠢᠯᠡᠭᠡ ᠪᠠ ᠰᠦᠢᠳᠬᠡᠯ ᠥᠯᠥ ᠬᠤᠷᠢᠶᠠᠬᠤ ᠥᠮᠡᠨ ᠤ ᠠᠩᠬᠠᠨ ᠤ ᠬᠤᠭᠤᠴᠠᠭᠠᠨ ᠤ ᠪᠠᠶᠢᠴᠠᠭᠠᠯᠲᠠ ᠨᠢ ᠴᠦ ᠲᠤᠬᠠᠢ ᠶᠢᠨ ᠭᠠᠵᠠᠷ ᠤᠨ ᠠᠷᠠᠳ ᠢᠷᠭᠡᠳ ᠲᠤ ᠦᠨᠡᠨᠬᠦ ᠪᠤᠶᠠᠨ ᠦᠢᠯᠡᠳᠦᠭᠰᠡᠨ ᠪᠠᠶᠢᠨ᠎ᠠ︾ ᠭᠡᠵᠦ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠳᠣᠲᠣᠷ ᠰᠠᠯᠠᠭᠠᠨ ᠤ ᠳᠡᠳ᠋ ᠡᠷᠬᠢᠯᠡᠭᠴᠢ ᠵᠣᠣ ᠯᠢᠨ ᠬᠡᠯᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1