ᠲᠠᠪᠢᠨ ᠭᠡᠷ ᠪᠠᠯᠭᠠᠰᠤ 2023 ᠣᠨ ᠤ ᠠᠵᠢᠯᠲᠠᠨ ᠠᠵᠢᠯᠴᠢᠨ ᠤ ᠢᠳᠡᠷᠡᠭᠦᠨ ᠠᠯᠬᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/25
      ᠬᠠᠪᠤᠷ ᠤᠨ ᠡᠬᠢᠨ ᠤ ᠦᠶ᠎ᠡ ᠪᠠᠷ᠂ ᠭᠡᠨᠡᠳᠲᠡ ᠳᠤᠯᠠᠭᠠᠷᠠᠵᠤ ᠪᠠᠰᠠ ᠬᠦᠢᠲᠡᠷᠡᠨ᠎ᠡ᠃ ᠺᠠᠳ᠋ᠷ ᠠᠵᠢᠯᠲᠠᠨ ᠠᠵᠢᠯᠴᠢᠨ ᠢ ᠲᠠᠶᠢᠴᠢᠯᠠᠨ ᠤᠷᠢᠶᠠᠯᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠵᠢᠯᠯᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠺᠠᠳ᠋ᠷᠴᠤᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠂ ᠲᠠᠪᠢᠨ ᠭᠡᠷ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠤ ᠥᠷᠨᠢᠭᠦᠯᠦᠭᠰᠡᠨ ᠠᠵᠢᠯᠲᠠᠨ ᠠᠵᠢᠯᠴᠢᠨ ᠤ ᠢᠳᠡᠷᠡᠭᠦᠨ ᠠᠯᠬᠤᠬᠤ ᠠᠵᠢᠯᠯᠠᠭ᠎ᠠ ᠣᠶᠢᠷ᠎ᠠ ᠶᠢᠨ ᠡᠳᠦᠷ ᠶᠠᠪᠤᠭᠳᠠᠵᠠᠢ᠃      ᠠᠵᠢᠯᠯᠠᠭ᠎ᠠ ᠶᠢᠨ ᠭᠠᠵᠠᠷ ᠢ ᠪᠠᠯᠭᠠᠰᠤᠨ ᠤ ᠵᠠᠰᠠᠭ ᠤᠨ ᠣᠷᠳᠣᠨ ᠠᠴᠠ ᠳ᠋ᠠ ᠪᠧᠢ ᠶᠣᠣ ᠲᠣᠰᠬᠤᠨ ᠤ ᠵᠠᠬ᠎ᠠ ᠳᠤ ᠬᠦᠷᠬᠦ ᠵᠠᠮ ᠤᠨ ᠬᠡᠰᠡᠭ ᠲᠤ ᠪᠠᠶᠢᠷᠢᠯᠠᠭᠤᠯᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠵᠤ᠂ ᠠᠵᠢᠯᠯᠠᠭ᠎ᠠ ᠳᠤ ᠣᠷᠣᠯᠴᠠᠭᠰᠠᠨ ᠠᠵᠢᠯᠲᠠᠨ ᠠᠵᠢᠯᠴᠢᠳ ᠴᠤᠭ ᠵᠢᠪᠬᠤᠭ᠎ᠠ ᠪᠠᠷ ᠪᠢᠯᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠢᠳᠡᠷᠡᠭᠦᠨ ᠠᠯᠬᠤᠬᠤ ᠶᠠᠪᠤᠴᠠ ᠳᠤ᠂ ᠠᠵᠢᠯᠲᠠᠳ ᠪᠠᠶᠠᠷ ᠪᠠᠶᠠᠰᠬᠤᠯᠠᠩᠲᠠᠢ ᠰᠡᠳᠬᠢᠯᠭᠡ ᠪᠠᠷ ᠪᠡᠶ᠎ᠡ ᠪᠠᠨ ᠪᠣᠯᠪᠠᠰᠤᠷᠠᠭᠤᠯᠬᠤ ᠶᠢᠨ ᠳᠠᠭᠠᠤ ᠳᠤ ᠬᠠᠪᠤᠷ ᠤᠨ ᠡᠬᠢᠨ ᠤ ᠦᠵᠡᠮᠵᠢ ᠳᠤ ᠠᠭᠤᠯᠤᠭᠳᠠᠵᠤ ᠪᠠᠶᠢᠭ᠎ᠠ ᠣᠶᠤᠨ ᠰᠠᠨᠠᠭᠠᠨ ᠤ ᠠᠮᠢᠵᠢᠷᠠᠯ ᠤᠨ ᠬᠦᠴᠦᠨ ᠢ ᠰᠣᠨᠢᠷᠬᠠᠳᠠᠭ᠃ ᠰᠠᠶᠢᠨ ᠳᠤᠷ᠎ᠠ ᠶᠢᠨ ᠠᠵᠢᠯᠯᠠᠭᠴᠢᠳ ᠤᠨ ᠣᠷᠣᠯᠴᠠᠭᠰᠠᠨ ᠶᠠᠪᠤᠳᠠᠯ ᠨᠢ ᠬᠠᠪᠤᠷ ᠤᠨ ᠡᠬᠢᠨ ᠤ ᠤᠯᠠᠷᠢᠯ ᠤᠨ ᠤᠯᠠᠭᠠᠨ ᠤ ᠥᠩᠭᠡ ᠶᠢ ᠪᠦᠷᠢᠯᠳᠦᠭᠦᠯᠵᠦ᠂ ᠠᠵᠢᠯᠲᠠᠳ ᠲᠠᠢ ᠬᠠᠮᠲᠤ ᠪᠠᠷ ᠠᠵᠢᠯᠯᠠᠭ᠎ᠠ   ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠭᠰᠡᠨ ᠪᠠᠶᠢᠨ᠎ᠠ᠃      ᠢᠳᠡᠷᠡᠭᠦᠨ ᠠᠯᠬᠤᠬᠤ ᠠᠵᠢᠯᠯᠠᠭ᠎ᠠ ᠨᠢ ᠡᠷᠡᠭᠦᠯ ᠴᠢᠭᠢᠷᠠᠭ ᠪᠡᠶ᠎ᠡ ᠮᠠᠬᠠᠪᠤᠳ ᠢ ᠪᠤᠶ ᠪᠣᠯᠭᠠᠵᠤ ᠴᠢᠳᠠᠬᠤ ᠪᠠᠷ ᠪᠠᠷᠠᠬᠤ ᠦᠭᠡᠢ᠂ ᠨᠡᠩ ᠴᠤ ᠠᠵᠢᠯ ᠬᠢᠵᠦ ᠠᠳᠠᠯ ᠦᠢᠯᠡᠰ ᠴᠣᠭᠴᠠᠯᠠᠬᠤ ᠴᠤᠭ ᠰᠦᠯᠳᠡ ᠶᠢ ᠬᠥᠭᠵᠢᠭᠡᠵᠦ᠂ ᠢᠳᠡᠪᠬᠢᠲᠡᠢ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠣᠯᠣᠨ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ ᠢ ᠬᠥᠲᠥᠯᠥᠨ ᠳᠠᠭᠠᠭᠤᠯᠵᠤ᠂ ᠴᠤᠭ ᠪᠠᠳᠠᠷᠠᠩᠭᠤᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠣᠶᠣᠯ ᠤᠨ ᠠᠭᠤᠷ ᠠᠮᠢᠰᠬᠤᠯ ᠢ ᠬᠠᠮᠲᠤ ᠪᠠᠷ ᠪᠤᠶ ᠪᠣᠯᠭᠠᠵᠤ ᠴᠢᠳᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1