ᠪᠦᠬᠦ ᠰᠢᠶᠠᠨ ᠤ ᠨᠠᠰᠤᠲᠠᠶᠢᠴᠤᠳ ᠪᠠ ᠭᠡᠷ ᠪᠦᠯᠢ ᠶᠢᠨ ᠬᠢᠨ ᠳᠤ ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2023/4/25
      ᠬᠦᠨᠳᠦᠲᠦ ᠨᠠᠰᠤᠲᠠᠶᠢᠴᠤᠳ ᠪᠠ ᠭᠡᠷ ᠪᠦᠯᠢ ᠶᠢᠨ ᠬᠢᠨ᠄                           ᠲᠠᠨᠠᠷ ᠰᠠᠶᠢᠨ ᠪᠠᠶᠢᠵᠠᠭᠠᠨ᠎ᠠ ᠤᠤ︕      80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠥᠨᠳᠥᠷ ᠨᠠᠰᠤᠲᠠᠢ ᠨᠠᠰᠤᠲᠠᠨ ᠨᠢᠭᠡᠪᠦᠷᠢ ᠳᠤ ᠳᠠᠮᠵᠢᠭᠤᠯᠵᠤ᠂ ︽︿ᠥᠨᠳᠥᠷ ᠨᠠᠰᠤᠨ ᠤ ᠨᠡᠮᠡᠭᠦᠷᠢ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠵᠠᠰᠠᠭ ᠨᠡᠶᠢᠭᠡᠮ ᠪᠠᠳᠤᠯᠠᠭ᠎ᠠ ﹇2019﹈ 4 ᠳ᠋ᠤᠭᠡᠷ ᠲᠣᠭᠠᠲᠤ︶᠂ ︽︿ᠥᠨᠳᠥᠷ ᠨᠠᠰᠤᠨ ᠤ ᠨᠡᠮᠡᠭᠦᠷᠢ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠵᠡᠷᠭᠡ ᠳᠥᠷᠪᠡᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠵᠠᠰᠠᠭ ᠨᠡᠶᠢᠭᠡᠮ ᠵᠠᠬᠢᠳᠠᠯ ﹇2023﹈ 156 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠨᠠᠰᠤᠨ ᠤ ᠨᠡᠮᠡᠭᠦᠷᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ ᠢᠯᠡᠷᠡᠭᠦᠯᠦᠭᠰᠡᠨ ᠠᠰᠠᠭᠤᠳᠠᠯ ᠢ ᠲᠤᠰᠬᠠᠶᠢᠯᠠᠨ ᠵᠠᠰᠠᠬᠤ ᠶᠢ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠵᠠᠰᠠᠭ ᠲᠠᠷᠬᠠᠭᠠᠭᠰᠠᠨ ﹇2023﹈ 38 ᠳ᠋ᠤᠭᠠᠷ ᠲᠣᠭᠠᠲᠤ︶ ᠢ ᠦᠨᠳᠦᠰᠦᠯᠡᠨ᠂ ᠡᠳᠦᠭᠡ ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠣᠯᠭᠤᠬᠤ ᠡᠲᠡᠭᠡᠳ ᠬᠢᠭᠡᠳ ᠣᠯᠭᠤᠬᠤ ᠪᠠᠷᠢᠮᠵᠢᠶ᠎ᠠ      ᠲᠣᠭᠲᠠᠬᠤ ᠰᠢᠶᠠᠨ ᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤ ︵ᠪᠦᠬᠦᠯᠢ 80 ᠨᠠᠰᠤ ᠪᠠᠭᠲᠠᠨ᠎ᠠ︶ ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠶᠢᠴᠤᠳ ᠴᠥᠮ ᠲᠣᠭᠲᠠᠭᠠᠯ ᠶᠣᠰᠣᠭᠠᠷ ᠬᠥᠮᠥᠨ ᠪᠦᠷᠢ ᠰᠠᠷ᠎ᠠ ᠪᠦᠷᠢ 100 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠠᠪᠴᠤ ᠪᠣᠯᠣᠨ᠎ᠠ︔ ᠪᠦᠬᠦᠯᠢ 100 ᠨᠠᠰᠤ ︵ᠪᠦᠬᠦᠯᠢ 100 ᠨᠠᠰᠤ ᠪᠠᠭᠲᠠᠨ᠎ᠠ︶   ᠠᠴᠠ ᠳᠡᠭᠡᠭᠰᠢᠬᠢ ᠨᠠᠰᠤᠲᠠᠶᠢᠴᠤᠳ ᠴᠥᠮ ᠲᠣᠭᠲᠠᠭᠠᠯ ᠶᠣᠰᠣᠭᠠᠷ ᠬᠥᠮᠥᠨ ᠪᠦᠷᠢ ᠰᠠᠷ᠎ᠠ ᠳᠤ 600 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠠᠪᠴᠤ ᠪᠣᠯᠣᠨ᠎ᠠ᠃      ᠬᠤᠶᠠᠷ᠂ ᠭᠤᠶᠤᠴᠢᠯᠠᠬᠤ ᠶᠠᠪᠤᠴᠠ      ᠨᠥᠬᠦᠴᠡᠯ ᠳᠤ ᠨᠡᠶᠢᠴᠡᠬᠦ ᠨᠠᠰᠤᠲᠠᠨ ᠪᠦᠬᠦᠨ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠤᠭ ᠮᠠᠲ᠋ᠧᠷᠢᠶᠠᠯ ᠢ ᠭᠠᠷᠭᠠᠨ ᠦᠵᠡᠭᠦᠯᠬᠦ ᠶᠢᠨ ᠬᠠᠮᠲᠤ ᠪᠠᠭᠤᠯᠭᠠᠪᠤᠷᠢ ᠶᠢ ᠨᠢ 2 ᠬᠤᠪᠢ ᠲᠤᠰᠢᠶᠠᠨ᠎ᠠ︶᠂ ᠡᠷᠦᠬᠡ ᠠᠮᠠ ᠶᠢᠨ ᠳᠡᠪᠲᠡᠷ ︵ᠤᠭ ᠮᠠᠲ᠋ᠧᠷᠢᠶᠠᠯ ᠢ ᠭᠠᠷᠭᠠᠨ ᠦᠵᠡᠭᠦᠯᠬᠦ ᠶᠢᠨ ᠬᠠᠮᠲᠤ ᠡᠷᠦᠬᠡ ᠠᠮᠠ ᠶᠢᠨ ᠳᠡᠪᠲᠡᠷ ᠤᠨ ᠲᠦᠷᠦᠭᠦᠦ ᠨᠢᠭᠤᠷ᠂ ᠬᠤᠪᠢ ᠬᠥᠮᠥᠨ ᠤ ᠮᠠᠲ᠋ᠧᠷᠢᠶᠠᠯ ᠤᠨ ᠬᠠᠭᠤᠳᠠᠰᠤ ᠶᠢᠨ ᠪᠠᠭᠤᠯᠭᠠᠪᠤᠷᠢ ᠶᠢ ᠲᠤᠰ ᠪᠦᠷᠢ 2 ᠬᠤᠪᠢ ᠲᠤᠰᠢᠶᠠᠨ᠎ᠠ︶᠂ ᠲᠤᠰ ᠬᠥᠮᠥᠨ ᠤ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠳᠠᠩᠰᠠ ᠨᠡᠭᠡᠭᠡᠭᠰᠡᠨ ᠨᠢᠭᠡᠳᠦᠭᠡᠷ ᠲᠥᠷᠥᠯ ᠤᠨ ᠪᠠᠩᠬᠢ ᠶᠢᠨ ᠺᠠᠷᠲ ᠤᠨ ᠪᠠᠭᠤᠯᠭᠠᠪᠤᠷᠢ ᠶᠢ ᠠᠪᠴᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ︵ᠰᠠᠭᠤᠭᠠᠯᠢ ᠠᠷᠠᠳ︶ ᠶᠢᠨ ᠵᠥᠪᠯᠡᠯ ᠳᠤ ᠬᠦᠷᠴᠦ ᠭᠤᠶᠤᠴᠢᠯᠠᠯ ᠭᠠᠷᠭᠠᠵᠤ᠂ ᠥᠨᠳᠥᠷ ᠨᠠᠰᠤᠨ ᠤ ᠨᠡᠮᠡᠭᠦᠷᠢ ᠭᠤᠶᠤᠴᠢᠯᠠᠬᠤ ᠬᠦᠰᠦᠨᠦᠭᠲᠦ ᠶᠢ ᠲᠠᠭᠯᠠᠨ᠎ᠠ᠃ ᠭᠠᠴᠠᠭᠠᠨ ᠤ ᠠᠷᠠᠳ ᠤᠨ ᠵᠥᠪᠯᠡᠯ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠭᠤᠶᠤᠴᠢᠯᠠᠯ ᠤᠨ ᠬᠦᠰᠦᠨᠦᠭ ᠳᠡᠭᠡᠷ᠎ᠡ ᠭᠠᠷ ᠤᠨ ᠦᠰᠦᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠭᠤᠶᠤᠴᠢᠯᠠᠯ ᠤᠨ ᠮᠠᠲ᠋ᠧᠷᠢᠶᠠᠯ ︵ᠭᠤᠶᠤᠴᠢᠯᠠᠯ ᠤᠨ ᠬᠦᠰᠦᠨᠦᠭ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠬᠤᠪᠢ ᠬᠥᠮᠥᠨ ᠤ ᠳᠠᠩᠰᠠᠨ ᠨᠣᠮᠧᠷ ᠵᠡᠷᠭᠡ ᠶᠢ ᠪᠠᠭᠲᠠᠭᠠᠨ᠎ᠠ︶ ᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠲᠤᠰᠢᠶᠠᠨ᠎ᠠ᠃ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠥᠨᠳᠥᠷ ᠨᠠᠰᠤᠨ ᠤ ᠨᠡᠮᠡᠭᠦᠷᠢ ᠶᠢ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠨᠢᠭᠡᠨᠲᠡ ᠭᠤᠶᠤᠴᠢᠯᠠᠭᠰᠠᠨ ᠨᠠᠰᠤᠲᠠᠨ ᠤ ᠬᠤᠪᠢ ᠬᠥᠮᠥᠨ ᠤ ᠲᠠᠩᠰᠠᠨ ᠡᠷᠦᠬᠡ ᠳᠤ ᠣᠯᠭᠤᠨ᠎ᠠ᠃      ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠭᠡᠷ ᠪᠦᠯᠢ ᠶᠢᠨ ᠬᠢᠨ ᠴᠠᠭ ᠲᠤᠬᠠᠢ ᠳᠤᠨᠢ ᠭᠤᠶᠤᠴᠢᠯᠠᠬᠤ ᠶᠢᠨ ᠬᠠᠮᠲᠤ ᠬᠠᠷᠢᠯᠴᠠᠨ ᠳᠠᠮᠵᠢᠭᠤᠯᠤᠭᠠᠷᠠᠢ︕                  ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                    2023 ᠣᠨ ᠤ 4 ᠳ᠋ᠤᠭᠡᠷ ᠰᠠᠷ᠎ᠠ ᠶᠢᠨ 18 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1