ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢ ᠬᠠᠷᠠᠭᠠᠯᠵᠠᠬᠤ ᠠᠵᠢᠯ ᠤᠨ ᠵᠥᠪᠯᠡᠯ ︽ᠭᠡᠷ ᠪᠦᠯᠢ ᠶᠢᠨ ᠬᠥᠮᠦᠵᠢᠯ᠄ ᠬᠡᠦᠬᠡᠳ ᠲᠠᠢ ᠪᠠᠨ ᠬᠠᠮᠳᠦ  ᠨᠤᠮ ᠤᠩᠰᠢᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2023/4/25
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠶᠢᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠬᠤ ᠶᠢᠨ ᠲᠦᠯᠦᠭᠡ᠂ 4 ᠳ᠋ᠤᠭᠡᠷ ᠰᠠᠷ᠎ᠠ   ᠶᠢᠨ 23 ᠤ ᠡᠳᠦᠷ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠤᠶᠢᠴᠢ ᠦᠶ᠎ᠡ ᠶᠢ ᠬᠠᠷᠠᠭᠠᠯᠵᠠᠬᠤ ᠠᠵᠢᠯ ᠤᠨ ᠵᠥᠪᠯᠡᠯ᠂ ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ ᠠᠴᠠ ᠭᠤᠣᠯᠯᠠᠨ ᠡᠷᠭᠢᠯᠡᠵᠦ᠂ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ   ᠠᠴᠠ ᠳᠠᠭᠠᠭᠠᠴᠢᠯᠠᠨ ᠡᠷᠭᠢᠯᠡᠭᠰᠡᠨ ︽ᠭᠡᠷ ᠪᠦᠯᠢ ᠶᠢᠨ ᠬᠥᠮᠦᠵᠢᠯ᠄ ᠬᠡᠦᠬᠡᠳ ᠲᠠᠢ ᠪᠠᠨ ᠬᠠᠮᠳᠦ  ᠨᠤᠮ ᠤᠩᠰᠢᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠬᠢᠪᠡ᠃      ᠲᠠᠶᠢᠯᠤᠮᠵᠢ ᠳᠡᠭᠡᠷ᠎ᠡ᠂ ᠬᠥᠬᠡᠬᠤᠲᠠ ᠶᠢᠨ ᠭᠡᠷ ᠤᠨ ᠠᠬᠠᠮᠠᠳ ᠤᠨ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ ᠶᠢᠨ ᠯᠧᠺᠲ᠋ᠣᠷ ᠤᠨ ᠪᠦᠯᠬᠦᠮ ᠤᠨ ᠯᠧᠺᠲ᠋ᠣᠷ᠂ ᠬᠥᠬᠡᠬᠤᠲᠠ ᠶᠢᠨ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ ᠭᠡᠰᠢᠭᠦᠨ᠂ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠹᠠᠨ ᠷᠦᠩ ᠲᠤᠰᠬᠠᠢ ᠮᠡᠷᠭᠡᠵᠢᠯ ᠤᠨ ᠣᠨᠣᠪᠴᠢᠲᠠᠢ ᠦᠭᠡ ᠬᠡᠯᠡ᠂ ᠠᠮᠢᠳᠤᠯᠢᠭ ᠳᠦᠷᠰᠦᠯᠢᠭ ᠬᠡᠷᠡᠭ ᠤᠨ ᠵᠢᠱᠢᠶ᠎ᠡ ᠪᠠᠷ ᠭᠡᠷ ᠤᠨ ᠠᠬᠠᠮᠠᠳ ᠲᠤ ᠨᠣᠮ ᠤᠩᠰᠢᠬᠤ᠂ ᠨᠣᠮ ᠤᠩᠰᠢᠬᠤ ᠶᠢᠨ ᠴᠢᠬᠤᠯᠠ ᠴᠢᠨᠠᠷ ᠵᠢᠴᠢ ᠬᠡᠦᠬᠡᠳ ᠲᠡᠭᠡᠨ ᠬᠡᠷᠬᠢᠨ ᠬᠠᠨᠢ ᠪᠣᠯᠵᠤ ᠨᠣᠮ ᠤᠩᠰᠢᠬᠤ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠶᠠᠷᠢᠵᠤ ᠥᠭᠭᠦᠭᠰᠡᠨ ᠪᠠᠶᠢᠨ᠎ᠠ᠃ ᠪᠢᠴᠢᠬᠠᠨ ᠨᠠᠶᠢᠵᠠ ᠨᠠᠷ ᠰᠢᠯᠦᠭ ᠤᠶᠠᠩᠭᠠᠯᠠᠨ ᠤᠩᠰᠢᠬᠤ ᠵᠡᠷᠭᠡ ᠪᠠᠶᠠᠯᠢᠭ ᠰᠠᠶᠢᠬᠠᠨ ᠲᠣᠭᠯᠠᠯᠲᠠ ᠪᠠᠷ ᠢᠶᠠᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠡᠯ᠎ᠡ ᠦᠨᠳᠦᠰᠦᠲᠡᠨ ᠤ ᠪᠦᠯᠬᠦᠮᠳᠡᠯ ᠡᠶ᠎ᠡ ᠨᠠᠶᠢᠷᠰᠠᠭ᠂ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠭᠤᠶᠢᠳᠠ ᠰᠠᠶᠢᠬᠠᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠭᠡᠷ ᠤᠨ ᠠᠬᠠᠮᠠᠳ ᠨᠠᠷ ᠮᠠᠰᠢ ᠤᠯᠠᠨ ᠠᠰᠢᠭ ᠭᠥᠷᠳᠡᠭᠰᠡᠨ ᠢᠶᠠᠨ ᠢᠯᠡᠳᠬᠡᠵᠡᠭᠡᠪᠡ᠃      ᠣᠶᠢᠷ᠎ᠠ ᠶᠢᠨ ᠵᠢᠯ ᠤᠳ ᠲᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠳᠤᠮᠳᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠨᠡᠨ ᠬᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠬᠢᠴᠢᠶᠡᠯ ᠤᠨ ᠲᠠᠩᠬᠢᠮ ᠳᠤ ᠣᠷᠣᠭᠤᠯᠵᠤ᠂ ᠲᠠᠷᠢᠬᠢ ᠲᠣᠯᠣᠭᠠᠢ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠦᠵᠡᠰᠬᠦᠯᠡᠩᠲᠦ ᠰᠠᠶᠢᠬᠠᠨ ᠲᠡᠯᠭᠡᠷᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1