ᠲᠤᠭᠳᠠᠬᠤ ᠰᠢᠶᠠᠨ ︽ᠰᠦᠯᠵᠢᠶ᠎ᠡ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠵᠢᠴᠢ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/26
      ᠪᠣᠯᠪᠠᠰᠤᠨ ᠢᠶᠠᠷ ᠰᠦᠯᠵᠢᠶ᠎ᠡ ᠶᠢ ᠡᠷᠬᠢᠯᠡᠬᠦ᠂ ᠪᠣᠯᠪᠠᠰᠤᠨ ᠢᠶᠠᠷ ᠰᠦᠯᠵᠢᠶ᠎ᠡ ᠶᠢ ᠬᠡᠷᠡᠭᠯᠡᠬᠦ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠰᠦᠯᠵᠢᠶ᠎ᠡ ᠶᠢ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠰᠤᠷᠲᠠᠯ ᠴᠢᠬᠡᠴᠢ ᠣᠪᠣᠷ ᠲᠥᠪ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠰᠦᠯᠵᠢᠶᠡᠨ ᠤ ᠣᠷᠴᠢᠨ ᠨᠥᠬᠦᠴᠡᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠶᠢᠨ ᠲᠦᠯᠦᠭᠡ᠂ 4 ᠳ᠋ᠤᠭᠡᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠰᠦᠯᠵᠢᠶ᠎ᠡ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠵᠢᠴᠢ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠰᠦᠯᠵᠢᠶᠡᠨ ᠤ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠠᠵᠢᠯᠯᠠᠭ᠎ᠠ ᠶᠢᠨ ᠳᠤᠮᠳᠠ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠵᠢᠴᠢ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪᠲᠦ ᠭᠠᠷ ᠤᠨ ᠥᠰᠥᠭ ᠵᠢᠷᠤᠬᠤ ᠠᠵᠢᠯᠯᠠᠭ᠎ᠠ ᠶᠢᠨ ᠡᠯᠭᠦᠭᠡ ᠪᠢᠴᠢᠭᠡᠰᠦ ᠳᠡᠭᠡᠷ᠎ᠡ ᠥᠪᠡᠷ ᠤᠨ ᠨᠡᠷ᠎ᠡ ᠪᠠᠨ ᠲᠥᠪ ᠴᠢᠩᠭ᠎ᠠ ᠪᠠᠷ ᠵᠢᠷᠤᠵᠤ᠂ ᠰᠦᠯᠵᠢᠶᠡᠨ ᠤ ᠣᠷᠣᠨ ᠵᠠᠢ ᠶᠢᠨ ᠠᠵᠢᠯᠯᠠᠭ᠎ᠠ ᠶᠢᠨ ᠵᠢᠷᠤᠮᠵᠢᠯ ᠢ ᠴᠢᠩᠭᠠᠳᠬᠠᠬᠤ᠂ ᠰᠦᠯᠵᠢᠶᠡᠨ ᠳᠡᠭᠡᠷᠡᠬᠢ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠶᠢᠨ ᠠᠵᠢᠯᠲᠠᠳ ᠰᠤᠷᠤᠭᠴᠢᠳ ᠲᠤ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠰᠦᠯᠵᠢᠶᠡᠨ ᠤ ᠪᠣᠯᠪᠠᠰᠤᠨ ᠤ ᠰᠢᠨ᠎ᠡ ᠰᠤᠷᠲᠠᠯ ᠢ ᠪᠤᠶ ᠪᠣᠯᠭᠠᠵᠤ ᠰᠦᠯᠵᠢᠶᠡᠨ ᠤ ᠴᠠᠭ ᠦᠶ᠎ᠡ ᠶᠢᠨ ᠰᠢᠨ᠎ᠡ ᠬᠥᠮᠥᠨ ᠢ ᠰᠠᠶᠢᠲᠤᠷ ᠬᠦᠮᠦᠵᠢᠭᠦᠯᠦᠶ᠎ᠡ︾ ᠭᠡᠬᠦ ᠰᠦᠯᠵᠢᠶᠡᠨ ᠤ ᠮᠡᠳᠡᠯᠭᠡ ᠶᠢᠨ ᠲᠠᠶᠢᠯᠤᠮᠵᠢ ᠬᠢᠵᠦ᠂ ᠪᠠᠭᠰᠢ ᠰᠤᠷᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾᠂ ︽ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ  ᠶᠢ ᠬᠠᠪᠰᠤᠷᠤᠭᠰᠠᠨ ᠶᠠᠯ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠬᠦᠴᠦᠷᠬᠡᠭᠯᠡᠯ ᠪᠠ ᠰᠦᠯᠵᠢᠶᠡᠨ ᠤ ᠮᠡᠬᠡᠯᠡᠯ ᠵᠡᠷᠭᠡ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠶᠢ ᠶᠠᠷᠢᠬᠤ ᠶᠢᠨ ᠬᠠᠮᠲᠤ ᠡᠯ᠎ᠡ ᠲᠥᠷᠥᠯ ᠤᠨ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ᠂ ᠬᠤᠪᠢ ᠬᠥᠮᠥᠨ ᠤ ᠮᠡᠳᠡᠭᠡ ᠵᠠᠩᠭᠢ ᠶᠢ ᠬᠡᠷᠬᠢᠨ ᠬᠠᠮᠠᠭᠠᠯᠠᠬᠤ᠂ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠶᠢ ᠬᠡᠷᠬᠢᠨ ᠢᠯᠡᠴᠢᠯᠡᠨ ᠮᠡᠳᠡᠭᠦᠯᠬᠦ ᠵᠡᠷᠭᠡ ᠠᠭᠤᠯᠭ᠎ᠠ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠳᠡᠷᠭᠡᠳᠡᠬᠢ ᠪᠣᠳᠠᠲᠠᠢ ᠡᠭᠦᠰᠦᠭᠰᠡᠨ ᠶᠠᠪᠤᠳᠠᠯ ᠢᠶᠠᠷ ᠵᠠᠯᠠᠭᠤᠴᠤᠳ ᠪᠠᠭᠠᠴᠤᠳ ᠢ ᠰᠢᠨᠵᠢᠯᠡᠬᠦ ᠤᠬᠠᠭᠠᠨᠴᠢ ᠪᠠᠷ ᠪᠣᠯᠪᠠᠰᠤᠨ ᠢᠶᠠᠷ ᠰᠦᠯᠵᠢᠶᠡᠨ ᠳᠤ ᠭᠠᠷᠭᠠᠬᠤ ᠶᠢ ᠬᠥᠮᠥᠵᠢᠭᠦᠯᠦᠨ ᠵᠢᠯᠤᠭᠤᠳᠴᠤ᠂ ᠰᠦᠯᠵᠢᠶᠡᠨ ᠤ ᠢᠳᠡᠪᠬᠢ ᠬᠦᠴᠦᠨ ᠢ ᠢᠳᠡᠪᠬᠢᠲᠡᠢ ᠪᠠᠷ ᠪᠠᠳᠠᠷᠠᠭᠤᠯᠤᠨ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠪᠣᠯᠪᠠᠰᠤᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠲᠦᠮᠡᠨ ᠤ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠰᠠᠬᠢᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠵᠢᠴᠢ ᠰᠦᠯᠵᠢᠶᠡᠨ ᠤ ᠬᠡᠪ ᠪᠣᠯᠪᠠᠰᠤᠷᠠᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠵᠢᠷᠤᠮᠵᠢᠯ ᠲᠠᠢ ᠡᠮᠬᠢ ᠵᠢᠷᠤᠮ ᠲᠠᠢ᠂ ᠰᠤᠷᠲᠠᠯ ᠴᠢᠬᠡᠴᠢ ᠣᠪᠣᠷ ᠲᠥᠪ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠦᠭᠰᠡᠨ ᠰᠦᠯᠵᠢᠶᠡᠨ ᠤ ᠣᠷᠴᠢᠨ ᠲᠣᠭᠤᠷᠢᠨ ᠢ ᠪᠦᠷᠢᠯᠳᠦᠭᠦᠯᠬᠦ ᠶᠢ ᠴᠢᠷᠮᠠᠶᠢᠨ ᠠᠬᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1