ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/4/26
      4 ᠳ᠋ᠤᠭᠡᠷ ᠰᠠᠷ᠎ᠠ   ᠶᠢᠨ 25 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭ᠎ᠠ ᠶᠢᠨ ᠬᠤᠷᠠᠯ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠠᠵᠢᠯᠲᠠᠨ ᠤ ᠶᠠᠪᠤᠳᠠᠯ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ᠂ ᠴᠢᠳᠠᠪᠤᠷᠢᠲᠠᠨ ᠤ ᠬᠠᠮᠢᠶᠠᠷᠤᠯᠲᠠ ᠶᠢᠨ ᠠᠵᠢᠯ ᠪᠠ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃      ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠠᠴᠠ ᠪᠠᠭᠤᠯᠭᠠᠬᠤ ᠨᠡᠷᠡᠰ      ᠸᠠᠩ ᠶᠤᠸᠠᠨ ᠵᠡᠷᠭᠡ ᠨᠥᠬᠦᠳ ᠢ ᠲᠤᠰᠢᠶᠠᠯ ᠠᠴᠠ ᠨᠢ ᠪᠠᠭᠤᠯᠭᠠᠬᠤ ᠲᠤᠬᠠᠢ ᠮᠡᠳᠡᠭᠳᠡᠯ      ︵2023 ᠣᠨ ᠤ 4 ᠳ᠋ᠤᠭᠡᠷ ᠰᠠᠷ᠎ᠠ ᠶᠢᠨ 25 ᠤ ᠡᠳᠦᠷ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ︶      ᠲᠤᠰᠢᠶᠠᠯ ᠳᠤ ᠲᠣᠮᠢᠯᠠᠬᠤ ᠨᠢ᠄      ᠸᠠᠩ ᠶᠤᠸᠠᠨ ᠨᠥᠬᠦᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ︔      ᠶᠠᠨ ᠳ᠋ᠢᠩ ᠴᠤᠤ ᠨᠥᠬᠦᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ︔      ᠭᠦᠸᠧ ᠸᠧᠨ ᠪᠦᠸᠧ ᠨᠥᠬᠦᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ︔      ᠷᠦᠩ ᠬᠤᠸᠠ ᠨᠥᠬᠦᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ  ︔        ᠲᠤᠰᠢᠶᠠᠯ ᠠᠴᠠ ᠪᠠᠭᠤᠯᠭᠠᠬᠤ᠄      ᠯᠢᠦ ᠴᠢᠤᠸᠠᠨ ᠬᠤᠩ ᠨᠥᠬᠦᠷ ᠤᠨ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠳᠠᠷᠤᠭ᠎ᠠ ᠶᠢᠨ ᠲᠤᠰᠢᠶᠠᠯ︔      ᠸᠠᠩ ᡁᠢ ᠭᠠᠩ ᠨᠥᠬᠦᠷ ᠤᠨ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠭᠰᠡᠨ ᠰᠢᠭᠦᠨ ᠲᠠᠰᠤᠯᠬᠤ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ᠃              ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                 2023 ᠣᠨ ᠤ 4 ᠳ᠋ᠤᠭᠡᠷ ᠰᠠᠷ᠎ᠠ ᠶᠢᠨ 25 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1