ᠦᠱᠧᠨ ᠪᠠᠯᠭᠠᠰᠤᠨ ᠤ ᠢ ᠵᠢᠶᠠᠨ ᠹᠠᠩ ᠲᠣᠰᠬᠤᠨ᠄ ᠭᠡᠷ ᠪᠠᠶᠢᠰᠢᠩ ᠨᠢ ᠲᠡᠷᠢ ᠲᠡᠭᠰᠢ ᠵᠠᠮ ᠨᠢ ᠴᠡᠪᠡᠷ ᠤᠰᠤ ᠨᠢ ᠲᠤᠩᠭᠠᠯᠠᠭ ᠲᠣᠰᠬᠤᠨ ᠭᠤᠶᠣ ᠰᠠᠶᠢᠬᠠᠨ
ᠨᠡᠶᠢᠲᠡᠯᠡᠭᠰᠡᠨ ᠴᠠᠭ᠄
2023/4/26
     ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠣᠨ᠎ᠠ᠃ ᠲᠣᠭᠲᠠᠬᠤ ᠰᠢᠶᠠᠨ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ︽ᠵᠢᠰᠦ ᠴᠢᠷᠠᠢ︾ ︽ᠰᠦᠷ ᠵᠢᠪᠬᠤᠭ᠎ᠠ︾ ᠶᠢᠨ ᠬᠤᠣᠰ ᠳᠡᠭᠡᠭᠰᠢᠯᠡᠯᠲᠡ ᠶᠢ ᠠᠬᠢᠭᠤᠯᠵᠤ᠂ ︽ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ︾ ᠪᠠᠶᠢᠬᠤ ᠶᠢ ᠠᠭᠠᠵᠢᠮ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠳᠥᠯᠥᠭᠡᠨ ᠤ ᠦᠭᠡ ᠪᠣᠯᠭᠠᠪᠠ᠃ 4 ᠳ᠋ᠤᠭᠡᠷ ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠦᠱᠧᠨ ᠪᠠᠯᠭᠠᠰᠤᠨ ᠤ ᠢ ᠵᠢᠶᠠᠨ ᠹᠠᠩ ᠲᠣᠰᠬᠤᠨ ᠳᠤ ᠬᠦᠷᠴᠦ ᠦᠵᠡᠭᠰᠡᠨ ᠨᠢ᠂ ᠮᠥᠷ ᠮᠥᠷ ᠭᠡᠷ ᠪᠠᠶᠢᠰᠢᠩ ᠨᠢ ᠲᠡᠷᠢ ᠲᠡᠭᠰᠢ᠂ ᠵᠡᠭᠡᠯᠢ ᠭᠤᠳᠤᠮᠵᠢ  ᠨᠢ ᠴᠡᠪᠡᠷ ᠴᠡᠮᠴᠡᠭᠡᠷ᠂ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠴᠢᠬᠢ ᠮᠣᠳᠣ ᠨᠢ ᠤᠤᠯ ᠤᠨ ᠡᠯᠳᠡᠪ ᠶᠠᠭᠤᠮ᠎ᠠ ᠶᠢ ᠣᠷᠣᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠳᠡᠭᠡ ᠲᠣᠰᠬᠤᠨ ᠤ ᠥᠩᠭᠡ ᠦᠵᠡᠮᠵᠢ ᠶᠢ ᠣᠯᠵᠤ ᠬᠠᠷᠠᠵᠠᠢ᠃
     ᠣᠶᠢᠷ᠎ᠠ ᠶᠢᠨ ᠵᠢᠯ ᠤᠳ ᠲᠤ᠂ ᠢ ᠵᠢᠶᠠᠨ ᠹᠠᠩ ᠲᠣᠰᠬᠤᠨ ᠨᠢ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠬᠤ ᠪᠠ ᠲᠣᠰᠬᠤᠨ ᠤ ᠡᠮᠦᠨᠡᠬᠢ ᠬᠠᠮᠲᠤ ᠶᠢᠨ ᠭᠠᠵᠠᠷ ᠰᠢᠷᠣᠢ ᠶᠢ ᠠᠰᠢᠭᠯᠠᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠠᠮᠲᠤ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠪᠡ᠃ 14 ᠲᠦᠮᠡᠨ ᠲᠥᠭᠦᠷᠢᠭ ᠤᠨ ᠪᠡᠯᠡ ᠣᠷᠣᠭᠤᠯᠵᠤ᠂ 207 ᠣᠶᠤᠨᠲᠤ ᠤᠰᠤᠨ ᠤ ᠬᠡᠮᠵᠢᠭᠦᠷ ᠢ ᠤᠭᠰᠠᠷᠠᠵᠤ᠂ 24 ᠴᠠᠭ ᠢᠶᠠᠷ ᠤᠰᠤ ᠬᠠᠩᠭᠠᠬᠤ ᠶᠢ ᠪᠡᠶᠡᠯᠡᠭᠦᠯᠵᠦ᠂ ᠭᠡᠷ ᠳᠣᠲᠣᠷᠠᠬᠢ ᠠᠷᠢᠭᠤᠨ ᠴᠡᠪᠡᠷ ᠤᠰᠤᠨ ᠵᠣᠷᠯᠣᠩ ᠤᠭᠰᠠᠷᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠲᠣᠰᠬᠤᠨ ᠤ ᠠᠷᠠᠳ ᠤᠨ ᠢᠳᠡᠬᠦ ᠤᠰᠤ ᠬᠡᠷᠡᠭᠯᠡᠬᠦ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃
     ᠣᠳᠣᠬᠠᠨ ᠳᠤ᠂ ᠢ ᠵᠢᠶᠠᠨ ᠹᠠᠩ ᠲᠣᠰᠬᠤᠨ ᠤ ᠡᠯ᠎ᠡ ᠵᠡᠭᠡᠯᠢ ᠭᠤᠳᠤᠮᠵᠢ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠦᠨᠳᠦᠰᠦᠨ ᠳᠡᠭᠡᠨ ᠳᠠᠭᠤᠰᠴᠤ᠂ ᠭᠠᠴᠠᠭᠠᠨ ᠤ ᠠᠷᠠᠳ ᠤᠨ ᠵᠥᠪᠯᠡᠯ 14 ᠬᠤᠭ ᠨᠣᠪᠰᠢ ᠶᠢᠨ ᠲᠠᠲᠠᠭᠠᠯ ᠭᠠᠷᠭᠠᠵᠤ᠂ ᠰᠠᠭᠤᠭᠠᠯᠢ ᠡᠷᠦᠬᠡ ᠶᠢᠨ ᠲᠤᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨᠴᠢ ᠪᠠᠷ ᠲᠠᠷᠬᠠᠬᠤ ᠶᠢᠨ ᠬᠠᠮᠲᠤ ᠳᠦᠷᠪᠡᠨ ᠴᠡᠪᠡᠷᠯᠡᠭᠴᠢ ᠵᠢᠴᠢ ᠬᠡᠳᠦᠨ ᠠᠴᠢᠶᠠᠨ ᠤ ᠮᠠᠰᠢᠨ ᠢ ᠲᠣᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ ᠴᠡᠪᠡᠷᠯᠡᠨ ᠲᠡᠭᠡᠭᠡᠪᠦᠷᠢᠯᠡᠬᠦ ᠠᠵᠢᠯ ᠢ ᠬᠢᠵᠦ᠂ ᠭᠠᠴᠠᠭᠠᠨ ᠤ ᠠᠷᠠᠳ ᠤᠨ ᠵᠥᠪᠯᠡᠯ ᠪᠠᠰᠠ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ᠂ ᠤᠯᠠᠨ ᠲᠦᠮᠡᠨ ᠢ ᠳᠠᠶᠢᠴᠢᠯᠠᠨ ᠭᠡᠷ ᠤᠨ ᠠᠷᠤ ᠲᠠᠯ᠎ᠠ᠂ ᠵᠡᠭᠡᠯᠢ ᠭᠤᠳᠤᠮᠵᠢ᠂ ᠠᠷᠢᠭᠤᠨ ᠴᠡᠪᠡᠷ ᠤᠨ ᠦᠯᠦ ᠣᠨᠣᠭᠳᠠᠬᠤ ᠥᠨᠴᠥᠭ ᠪᠤᠯᠤᠩ ᠵᠡᠷᠭᠡ ᠭᠠᠵᠠᠷ ᠣᠷᠣᠨ ᠢ ᠲᠥᠪᠯᠡᠷᠡᠭᠦᠯᠦᠨ ᠴᠡᠪᠡᠷᠯᠡᠵᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠴᠡᠭᠴᠡᠯᠡᠨ ᠵᠠᠰᠠᠪᠠ᠃      ᠳᠠᠷᠠᠭᠠᠴᠢ ᠶᠢᠨ ᠠᠯᠬᠤᠮ ᠳᠤ᠂ ᠢ ᠵᠢᠶᠠᠨ ᠹᠠᠩ ᠲᠣᠰᠬᠤᠨ ᠤ ᠬᠢᠨ ᠦᠷᠭᠦᠯᠵᠢᠯᠡᠨ ᠬᠦᠴᠦᠯᠡᠨ ᠴᠢᠷᠮᠠᠶᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠰᠤᠯᠠᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠤ ᠠᠷᠢᠭᠤᠨ ᠴᠡᠪᠡᠷ᠂ ᠭᠤᠶᠢᠳᠠ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1