ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠢᠶᠠᠨ ᠤ ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠵᠢᠴᠢ ᠰᠣᠷᠢᠯᠲᠠ ᠬᠢᠪᠡ
ᠨᠡᠶᠢᠲᠡᠯᠡᠭᠰᠡᠨ ᠴᠠᠭ᠄
2023/4/26
      ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠭᠠᠯ ᠤᠨ ᠠᠶᠤᠯ ᠤᠨ ᠡ᠊ᠨᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠨ᠂ ᠡᠮᠨᠡᠯᠭᠡ ᠶᠢᠨ ᠠᠵᠢᠯᠲᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠯ᠎ᠡ ᠲᠥᠷᠥᠯ ᠤᠨ ᠭᠠᠯ ᠤᠨ ᠠᠶᠤᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠦᠯᠦᠭᠡ᠂ 4 ᠳ᠋ᠤᠭᠡᠷ ᠰᠠᠷ᠎ᠠ ᠶᠢᠨ 24 ᠤ ᠡᠳᠦᠷ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶ᠎ᠠ ᠣᠷᠣᠨ ᠤ ᠪᠠᠨ ᠰᠢᠶᠠᠨ ᠤ ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠶᠤᠯᠭᠦᠢ ᠶᠢᠨ ᠪᠣᠯᠪᠠᠰᠤᠷᠠᠯ ᠪᠠ ᠰᠣᠷᠢᠯᠲᠠ ᠶᠢ ᠥᠷᠨᠢᠭᠦᠯᠪᠡ᠃
     ᠲᠣᠰ ᠤᠳᠠᠭᠠᠨ ᠤ ᠪᠣᠯᠪᠠᠰᠤᠷᠠᠯ ᠰᠣᠷᠢᠯᠲᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ᠂ ᠭᠠᠯ ᠤᠨ ᠭᠠᠮᠰᠢᠭ ᠠᠴᠠ ᠵᠠᠶᠢᠯᠠᠬᠤ ᠰᠣᠷᠢᠯᠲᠠ᠂ ᠭᠠᠯ ᠤᠨᠲᠠᠷᠠᠭᠠᠭᠤᠷ ᠢ ᠵᠥᠪ ᠬᠡᠷᠡᠭᠯᠡᠬᠦ ᠪᠣᠳᠠᠲᠤ ᠶᠠᠪᠤᠴᠠ ᠵᠡᠷᠭᠡ ᠭᠤᠷᠪᠠᠨ ᠵᠦᠢᠯ ᠢ ᠪᠠᠭᠲᠠᠭᠠᠵᠠᠢ᠃ ᠠᠶᠤᠯᠭᠦᠢ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠳᠤᠮᠳᠠ᠂ ᠤᠬᠠᠭᠤᠯᠤᠭᠴᠢ ᠠᠴᠠ ᠦᠷᠭᠦᠯᠵᠢ ᠲᠣᠬᠢᠶᠠᠯᠳᠤᠳᠠᠭ ᠭᠠᠯ ᠤᠨ ᠠᠶᠤᠯ ᠤᠨ ᠠᠶᠤᠯᠭᠦᠢ ᠶᠢᠨ ᠲᠠᠯᠳᠠ ᠭᠡᠮ᠂ ᠡᠯ᠎ᠡ ᠵᠦᠢᠯ ᠤᠨ ᠭᠠᠯ ᠤᠨ ᠠᠶᠤᠯ ᠢ ᠤᠨᠲᠠᠷᠠᠭᠠᠵᠤ ᠠᠪᠤᠷᠠᠬᠤ ᠠᠷᠭ᠎ᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ᠂ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠤᠷ᠎ᠠ ᠮᠡᠷᠭᠡᠵᠢᠯ᠂ ᠠᠮᠢ ᠵᠢᠭᠤᠲᠠᠵᠤ ᠲᠠᠷᠬᠠᠭᠠᠬᠤ ᠭᠤᠣᠯᠳᠠᠯᠭ᠎ᠠ ᠵᠡᠷᠭᠡ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠮᠡᠳᠡᠯᠭᠡ ᠶᠢᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠵᠠᠷᠢᠮ ᠬᠦᠨᠳᠦ ᠶᠡᠭᠡ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠲᠤᠬᠠᠢ ᠶᠢᠨ ᠲᠠᠯᠠᠪᠤᠷ ᠤᠨ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠭᠠᠯ ᠤᠨ ᠭᠠᠮᠰᠢᠭ ᠤᠨ ᠠᠳᠡᠯ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠴᠢᠳᠠᠪᠤᠷᠢ ᠵᠢᠴᠢ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃
     ᠲᠣᠰ ᠤᠳᠠᠭᠠᠨ ᠤ ᠪᠣᠯᠪᠠᠰᠤᠷᠠᠭᠤᠯᠤᠯ ᠰᠣᠷᠢᠯᠲᠠ ᠪᠠᠷ ᠳᠠᠮᠵᠢᠭᠤᠯᠤᠨ᠂ ᠡᠮᠨᠡᠯᠭᠡ ᠶᠢᠨ ᠬᠤᠷᠢᠶᠠᠨ ᠤ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠥᠮᠥᠨ ᠪᠣᠯᠭᠠᠨ ᠭᠠᠯ ᠤᠨᠲᠠᠷᠠᠭᠠᠬᠤ ᠶᠢ ᠰᠤᠷᠴᠤ᠂ ᠬᠥᠮᠥᠨ ᠪᠣᠯᠭᠠᠨ ᠥᠪᠡᠷ ᠢ ᠪᠠᠨ ᠠᠪᠤᠷᠠᠬᠤ ᠶᠢ ᠮᠡᠳᠡᠵᠦ᠂ ᠬᠥᠮᠥᠨ ᠪᠣᠯᠭᠠᠨ ᠠᠮᠢ ᠵᠢᠭᠤᠲᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1