︽ᠬᠠᠳᠤᠨ ᠭᠤᠣᠯ ᠢ ᠬᠠᠮᠠᠭᠠᠯᠠᠨ · ᠤᠮᠠᠷᠠᠲᠤ ᠬᠢᠯᠢ ᠶᠢ ᠨᠤᠭᠤᠭᠠᠷᠠᠭᠤᠯᠤᠶ᠎ᠠ︾ ᠠᠵᠤ ᠦᠢᠯᠡᠰ ᠤᠨ ᠠᠵᠢᠯᠴᠢᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/4/4
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ  ᠨᠠᠶᠢᠳᠠᠪᠦᠷᠢᠵᠢᠭᠤᠯᠵᠦ᠂ ︽ᠠᠮᠢ ᠠᠬᠤᠢ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠪᠣᠬᠢᠷᠳᠤᠯ ᠦᠭᠡᠢ ᠪᠣᠯᠪᠠᠰᠤᠨ ᠢ ᠬᠠᠮᠲᠤ ᠪᠠᠷ ᠡᠳ᠋ᠯᠡᠶ᠎ᠡ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠬᠦᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠨᠡᠶᠢᠭᠡᠮᠯᠢᠭ ᠠᠴᠠ ᠬᠠᠮᠵᠢᠯᠴᠠᠨ ᠡᠷᠭᠢᠯᠡᠵᠦ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠳᠠᠭᠠᠭᠠᠨ ᠡᠷᠭᠢᠯᠡᠭᠰᠡᠨ ︽ᠬᠠᠳᠤᠨ ᠭᠤᠣᠯ ᠢ ᠬᠠᠮᠠᠭᠠᠯᠠᠵᠤ · ᠤᠮᠠᠷᠠᠲᠤ ᠬᠢᠯᠢ ᠶᠢ ᠨᠤᠭᠤᠭᠠᠷᠠᠭᠤᠯᠤᠶ᠎ᠠ︾ ᠠᠵᠤ ᠦᠢᠯᠡᠰ ᠤᠨ ᠠᠵᠢᠯᠴᠢᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠤ ᠬᠥᠳᠡᠯᠮᠦᠷᠢ ᠶᠢᠨ ᠴᠡᠴᠡᠷᠯᠢᠭ ᠤᠨ ᠬᠥᠳᠡᠯᠮᠦᠷᠢ ᠶᠢᠨ ᠵᠢᠱᠢᠶᠡᠴᠢ ᠶᠢᠨ ᠣᠶ ᠳᠤ ᠶᠠᠪᠤᠭᠳᠠᠪᠠ᠃       ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠵᠤ ᠠᠬᠤᠢ ᠶᠢᠨ ᠬᠢᠨᠠᠨ ᠪᠠᠶᠢᠴᠠᠭᠠᠬᠤ ᠬᠤᠷᠠᠯ ᠤᠨ ᠡᠷᠬᠢᠯᠡᠭᠴᠢ ᠯᠢ ᠹᠧᠩ ᠵᠢᠶᠧ᠂ ᠠᠵᠤ ᠠᠬᠤᠢ ᠶᠢᠨ ᠶᠠᠮᠤᠨ ᠤ ᠰᠠᠶᠢᠳ ᠦ᠋ ᠰᠢᠩ ᠢᠦᠢ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠸᠠᠩ ᠵᠢᠶᠦ᠋ᠨ ᠲᠢᠩ᠂ ᠠᠵᠤ ᠠᠬᠤᠢ ᠶᠢᠨ ᠶᠠᠮᠤᠨ ᠤ ᠰᠠᠶᠢᠳ ᠯᠢᠦ ᠳ᠋ᠦᠩ ᠮᠧᠶ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠦᠮᠡᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠶᠠᠩ ᠶᠢᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ ᠵᠢᠴᠢ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ ᠵᠡᠷᠭᠡ 400 ᠰᠢᠬᠠᠮ ᠬᠥᠮᠥᠨ ᠲᠣᠰ ᠠᠵᠢᠯᠯᠠᠭ᠎ᠠ ᠳᠤ ᠣᠷᠣᠯᠴᠠᠵᠠᠢ᠃ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠢᠩ ᠶᠤᠸᠠᠢ ᠰᠢᠶᠠᠩ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠭᠰᠡᠨ ᠪᠥᠭᠡᠳ ᠤᠯᠠᠨ ᠢ ᠳᠠᠭᠠᠭᠤᠯᠤᠨ ᠬᠠᠮᠲᠤ ᠪᠠᠷ ᠲᠠᠩᠭᠠᠷᠢᠭᠯᠠᠵᠤ᠂ ᠳᠠᠷᠠᠭ᠎ᠠ ᠪᠠᠷ ᠨᠢ ᠮᠣᠳᠣ ᠲᠠᠷᠢᠬᠤ ᠦᠢᠯᠡᠳᠦᠯᠭᠡ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠢᠬᠠᠨ ᠬᠠᠪᠤᠷ ᠤᠨ ᠦᠵᠡᠮᠵᠢ ᠪᠢᠯᠬᠠᠵᠤ᠂ ᠨᠠᠮ ᠤᠨ ᠲᠤᠭ ᠨᠠᠮᠢᠷᠠᠨ᠎ᠠ᠃ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠷᠭᠢᠯᠵᠤ᠂ ᠡᠷᠴᠢ ᠵᠣᠷᠢᠭ ᠲᠡᠭᠦᠯᠳᠡᠷ ᠪᠠᠶᠢᠵᠤ᠂ ᠬᠦᠷᠵᠡ ᠬᠤᠷᠤᠶᠢᠯᠠᠵᠤ ᠰᠢᠷᠣᠢ ᠬᠤᠰᠤᠵᠤ᠂ ᠵᠤᠯᠵᠠᠭ᠎ᠠ ᠮᠣᠳᠣ ᠶᠢ ᠨᠡᠭᠦᠯᠭᠡᠵᠦ᠂ ᠰᠢᠷᠣᠢ ᠨᠡᠮᠡᠵᠦ…᠃ ᠬᠡᠳᠦᠨ ᠬᠥᠮᠥᠨ ᠨᠢᠭᠡ ᠳᠤᠭᠤᠶᠢᠯᠠᠩ ᠪᠣᠯᠵᠤ᠂ ᠠᠵᠢᠯ ᠢᠶᠠᠨ ᠬᠤᠪᠢᠳᠠᠨ ᠬᠠᠮᠵᠢᠯᠴᠠᠵᠤ᠂ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠬᠦᠷ ᠬᠥᠭᠵᠢᠶᠡᠨ ᠲᠠᠢ ᠬᠦᠷ ᠬᠥᠭᠵᠢᠶᠡᠨ ᠲᠠᠢ ᠪᠠᠶᠢᠳᠠᠯ ᠢᠯᠡᠷᠡᠵᠡᠢ᠃ ᠨᠢᠭᠡ ᠦᠳᠡ ᠶᠢᠨ ᠡᠮᠦᠨ᠎ᠡ ᠶᠢᠨ ᠶᠠᠭᠠᠷᠠᠯᠲᠠᠢ ᠠᠵᠢᠯᠯᠠᠭ᠎ᠠ ᠪᠠᠷ ᠳᠡᠮᠵᠢᠨ᠂ 1000 ᠰᠠᠭᠤᠷᠢ ᠨᠠᠷᠠᠰᠤᠨ ᠮᠣᠳᠣ᠂ ᠵᠢᠮᠢᠰ ᠤᠨ ᠮᠣᠳᠣ ᠵᠢᠴᠢ ᠪᠣᠳᠠ ᠮᠣᠳᠣ ︽ᠨᠤᠲᠤᠭᠰᠢᠨ ᠰᠠᠭᠤᠷᠢᠰᠢᠵᠤ︾᠂ ᠰᠠᠯᠬᠢᠨ ᠤ ᠠᠶ᠎ᠠ ᠪᠠᠷ ᠰᠡᠬᠦᠶᠢᠨ ᠰᠦᠨᠳᠡᠷᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃      ︽ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠪᠣᠯᠪᠠᠰᠤᠨ ᠤ ᠣᠷᠣᠰᠢᠨ ᠲᠣᠭᠲᠠᠨᠢᠵᠤ ᠬᠥᠭᠵᠢᠬᠦ ᠶᠢᠨ ᠡᠷᠬᠢᠮ ᠨᠠᠨᠳᠢᠨ ᠡᠬᠢ ᠪᠠᠶᠠᠯᠢᠭ ᠮᠥᠨ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠠᠯᠪᠠᠨ ᠵᠢᠷᠤᠮ ᠤᠨ ᠮᠣᠳᠣ ᠳᠠᠷᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ︾ ᠭᠡᠵᠦ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᠰᠢᠶᠣᠣ ᠶᠠᠨ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1