ᠬᠠᠩᠰᠢ ᠠᠴᠠ ᠡᠮᠦᠨᠡᠬᠡᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ | ᠪᠠᠶᠢᠭ᠎ᠠ ᠰᠡᠳᠬᠢᠯᠭᠡ ᠪᠠᠨ ᠢᠯᠡᠳᠬᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠬᠤᠪᠢᠰᠬᠠᠯ ᠤᠨ | ᠭᠦ᠋ᠨ ᠢ ᠤᠯᠠᠮᠵᠢᠯᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 4 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ | ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠪᠦᠬᠦ ᠪᠠᠶᠢᠭᠤᠯᠤᠯᠭ᠎ᠠ ᠶᠢᠨ ᠺᠠᠳ᠋ᠷ | ᠲᠣᠭᠲᠠᠬᠤ ᠰᠢᠶᠠᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠬᠦᠷᠴᠦ ᠬᠠᠩᠰᠢ ᠶᠢᠨ | ᠡᠳᠦᠷ ᠤᠨ ᠱᠦᠭᠦᠷᠳᠡᠯᠲᠡ ᠶᠢᠨ ᠠᠵᠢᠯᠯᠠᠭ᠎ᠠ ᠥᠷᠨᠢᠭᠦᠯᠪᠡ᠃ | ᠦᠳᠡ ᠶᠢᠨ ᠡᠮᠦᠨᠡᠬᠢ 9 ᠴᠠᠭ ᠲᠤ ᠲᠠᠬᠢᠯᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠪᠦᠬᠦ ᠬᠥᠮᠥᠰ | ᠲᠥᠪ ᠬᠢᠴᠢᠶᠡᠩᠭᠦᠢ ᠪᠠᠷ ᠵᠣᠭᠰᠣᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ | ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢ ᠬᠥᠭᠵᠢᠮᠳᠡᠨ ᠳᠠᠭᠤᠯᠠᠵᠤ᠂ | ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ | ᠭᠠᠰᠢᠭᠤᠳᠠᠵᠤ ᠳᠠᠭᠤᠰᠤᠭᠠᠳ᠂ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠢ ᠭᠦᠨ᠎ᠡ ᠮᠥᠷᠥᠭᠡᠳᠦᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ | ᠳᠡᠪᠰᠢᠭᠦᠯᠵᠦ ᠪᠠᠶᠢᠬᠤ ᠪᠠᠨ ᠢᠯᠡᠳᠬᠡᠪᠡ᠃ | ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠲᠠᠬᠢᠯᠭ᠎ᠠ ᠳᠤ ᠣᠷᠣᠯᠴᠠᠭᠰᠠᠨ ᠨᠥᠬᠦᠳ᠄ ᠤᠯᠠᠭᠠᠨ ᠭᠧᠨ ᠢ | ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠵᠣᠷᠢᠭ | ᠰᠠᠨᠠᠭ᠎ᠠ ᠶᠢ ᠠᠵᠢᠯ ᠤᠨ ᠳᠤᠮᠳᠠ ᠪᠠᠨ ᠠᠭᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ | ᠰᠠᠶᠢᠲᠤᠷ ᠬᠢᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠷᠭᠡᠨ ᠤᠯᠠᠨ | ᠴᠡᠷᠢᠭ ᠠᠴᠠ ᠬᠠᠯᠠᠭᠳᠠᠭᠰᠠᠳ ᠲᠤ ᠨᠡᠩ ᠰᠠᠶᠢᠨ ᠦᠢᠯᠡᠴᠢᠯᠡᠵᠦ᠂ ᠨᠡᠩ ᠴᠤᠭ ᠪᠠᠳᠠᠷᠠᠩᠭᠤᠢ ᠬᠠᠯᠠᠭᠤᠨ ᠰᠡᠳᠬᠢᠯᠭᠡ | ᠪᠠ ᠡᠷᠴᠢ ᠵᠣᠷᠢᠭ ᠢᠶᠠᠷ ᠢᠶᠠᠨ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠣᠷᠤᠯᠴᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ |