ᠲᠣᠭᠲᠠᠬᠤ ᠰᠢᠶᠠᠨ 2023 ᠣᠨ ᠤ ︽ᠠᠮᠤᠷ ᠲᠦᠪᠰᠢᠨ ᠤ ᠵᠢᠷᠤᠮᠵᠢᠯ ᠳᠤ ᠰᠠᠭᠤᠷᠢ ᠮᠥᠩᠭᠦ ᠶᠢ ᠬᠡᠷᠡᠭᠯᠡᠵᠦ᠂ ᠠᠷᠠᠳ ᠲᠦᠮᠡᠨ ᠤ ︿ᠡᠪᠡᠳᠴᠢᠨ ᠦᠵᠡᠭᠦᠯᠬᠦ ᠵᠣᠭᠤᠰ﹀ ᠢ ᠰᠠᠶᠢᠲᠤᠷ ᠰᠠᠬᠢᠶ᠎ᠠ︾ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/4/6
      4 ᠳ᠋ᠤᠭᠡᠷ ᠰᠠᠷ᠎ᠠ ᠶᠢᠨ 4 ᠤ ᠡᠳᠦᠷ᠂ ᠲᠣᠭᠲᠠᠬᠤ ᠰᠢᠶᠠᠨ ᠤ 2023 ᠣᠨ ᠤ ︽ᠠᠮᠤᠷ ᠲᠦᠪᠰᠢᠨ ᠤ ᠵᠢᠷᠤᠮᠵᠢᠯ ᠳᠤ ᠰᠠᠭᠤᠷᠢ ᠮᠥᠩᠭᠦ ᠶᠢ ᠬᠡᠷᠡᠭᠯᠡᠵᠦ᠂ ᠠᠷᠠᠳ ᠲᠦᠮᠡᠨ ᠤ ︿ᠡᠪᠡᠳᠴᠢᠨ ᠦᠵᠡᠭᠦᠯᠬᠦ ᠵᠣᠭᠤᠰ﹀ ᠢ ᠰᠠᠶᠢᠲᠤᠷ ᠰᠠᠬᠢᠶ᠎ᠠ︾ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠩᠭᠦᠢ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ᠂ ᠪᠥᠬᠦ ᠰᠢᠶᠠᠨ ᠤ 114 ︽ᠬᠤᠶᠠᠷ ᠢ ᠲᠤᠭᠳᠠᠭᠠᠭᠰᠠᠨ︾ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠠᠵᠢᠯᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠬᠤᠷᠠᠯ ᠠᠴᠠ᠂ ᠳᠠᠭᠠᠳᠬᠠᠯ ᠢ ᠮᠡᠬᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ 2019 ᠣᠨ ᠠᠴᠠ ᠨᠠᠰᠢᠬᠢ ᠪᠦᠬᠦ ᠰᠢᠶᠠᠨ ᠤ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠬᠤᠶᠠᠷ ᠢ ᠲᠤᠭᠳᠠᠭᠠᠭᠰᠠᠨ︾ ᠡᠮ ᠡᠮᠨᠡᠯᠭᠡ ᠶᠢᠨ ᠲᠥᠯᠥᠭᠡᠯᠡᠭᠴᠢ ᠲᠤᠬᠠᠢ ᠶᠢᠨ ᠲᠠᠯᠠᠪᠠᠶ ᠳᠤ ᠦᠨᠡᠨᠴᠢ ᠢᠲᠡᠭᠡᠮᠵᠢᠲᠡᠢ ᠪᠠᠶᠢᠬᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠥᠬᠦ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠠᠬᠤᠢ ᠪᠠᠶᠢᠳᠠᠯ᠂ ᠣᠳᠣᠬᠠᠨ ᠤ ᠮᠠᠨ ᠤ ᠰᠢᠶᠠᠨ ᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ᠂ ᠪᠣᠳᠠᠲᠠᠢ ᠣᠨᠣᠰᠢᠯᠠᠨ ᠡᠮᠨᠡᠬᠦ ᠪᠠ ᠡᠵᠡᠩᠨᠡᠬᠦ ᠠᠵᠢᠯᠯᠠᠭ᠎ᠠ ᠳᠤᠮᠳᠠᠬᠢ ᠭᠤᠷᠪᠠᠨ ᠲᠠᠯ᠎ᠠ ᠳᠤ ᠬᠡᠷᠬᠢᠨ ᠨᠠᠶᠢᠳᠠᠪᠤᠷᠢᠵᠢᠭᠤᠯᠬᠤ ᠲᠤᠬᠠᠢ ᠡᠬᠢᠯᠡᠯᠲᠡ ᠶᠢᠨ ᠶᠠᠷᠢᠶ᠎ᠠ ᠲᠠᠯᠪᠢᠵᠠᠢ᠃      ᠬᠤᠷᠠᠯ ᠠᠴᠠ ᠱᠠᠭᠠᠷᠳᠠᠭᠰᠠᠨ ᠨᠢ᠂ ︽ᠬᠤᠶᠠᠷ ᠢ ᠲᠤᠭᠳᠠᠭᠠᠭᠰᠠᠨ︾ ᠪᠠᠶᠢᠭᠤᠯᠤᠮᠵᠢ ᠨᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠤᠭ ᠤᠨ ᠶᠡᠭᠡ ᠬᠡᠷᠡᠭᠯᠡᠯᠲᠡ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠨ ᠴᠢᠯᠦᠭᠡᠲᠡᠢ ᠪᠣᠯᠭᠠᠭᠰᠠᠨ ᠠᠬᠤᠢ ᠪᠠᠶᠢᠳᠠᠯ ᠤᠨ ᠳᠣᠣᠷ᠎ᠠ᠂ ᠡᠷᠬᠡᠪᠰᠢ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭᠠᠨ ᠤ ᠲᠠᠯ᠎ᠠ ᠠᠴᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠭ ᠢᠮᠠᠭᠲᠠ ᠰᠡᠷᠭᠡᠭ ᠪᠥᠭᠡᠳ ᠰᠡᠷᠡᠮᠵᠢ ᠲᠠᠢ ᠪᠠᠶᠢᠵᠤ᠂ ᠣᠨᠣᠰᠢᠯᠠᠨ ᠡᠮᠨᠡᠬᠦ ᠪᠠ ᠡᠵᠡᠩᠨᠡᠬᠦ ᠦᠶᠯᠡ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠤᠨ᠂ ᠶᠡᠭᠡ ᠲᠠᠩᠰᠠ ᠪᠤᠳᠤᠵᠤ᠂ ᠠᠯᠤᠰ ᠬᠡᠲᠦ ᠶᠢᠨ ᠲᠠᠩᠰᠠ ᠪᠤᠳᠤᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠥᠯᠥ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠬᠤ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠪᠦᠬᠦ ᠬᠤᠲᠠ ᠶᠢᠨ ︽ᠰᠠᠭᠤᠷᠢ ᠮᠥᠩᠭᠦᠨ ᠤ ᠠᠮᠤᠷ ᠲᠦᠪᠰᠢᠨ ᠠᠵᠢᠯᠯᠠᠭᠠᠨ ᠢ ᠪᠠᠲᠤᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ︾ ᠬᠤᠣᠰ ᠱᠤᠭᠤᠮ ᠢ ᠵᠡᠷᠭᠡᠪᠡᠷ ᠬᠥᠭᠵᠢᠭᠦᠯᠬᠦ ᠬᠥᠭᠵᠢᠯᠲᠡ ᠶᠢᠨ ᠰᠡᠳᠬᠢᠴᠡ ᠶᠢ ᠰᠠᠶᠢᠲᠤᠷ ᠬᠡᠷᠡᠭᠵᠢᠭᠦᠯᠵᠦ᠂ ︽ᠰᠦᠯᠵᠢᠶᠡᠨ ᠳᠡᠭᠡᠷ᠎ᠡ︾ + ︽ᠰᠦᠯᠵᠢᠶᠡᠨ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ᠂ ︽ᠪᠦᠬᠦᠨ ᠢ ᠬᠠᠮᠤᠷᠬᠤ︾ + ︽ᠡᠷᠬᠢᠨ ᠬᠠᠷᠠᠬᠤ︾᠂ ︽ᠡᠳᠦᠷ ᠲᠤᠲᠤᠮ ᠤᠨ ᠪᠠᠶᠢᠴᠠᠭᠠᠯᠲᠠ︾ + ︽ᠲᠤᠰᠬᠠᠢ ᠵᠠᠰᠠᠯᠲᠠ︾ ︽ᠭᠤᠷᠪᠠ ᠶᠢ ᠬᠠᠷᠢᠯᠴᠠᠨ ᠤᠶᠠᠯᠳᠤᠭᠤᠯᠬᠤ︾ ᠵᠠᠭᠪᠤᠷ ᠢ ᠬᠡᠷᠡᠭᠯᠡᠨ ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾᠂ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ︽ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾᠂ ︽ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠴᠡᠭ ᠲᠣᠭᠲᠠᠭᠠᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠪᠠ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠴᠡᠭ ᠲᠣᠭᠲᠠᠭᠠᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠡ︔ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ ᠤᠨ ᠭᠤᠣᠯ ᠬᠠᠷᠢᠭᠤᠴᠠᠯᠭᠠᠲᠠᠨ ︽ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ︾᠂ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠢ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠳᠡᠯ︾ ᠵᠡᠷᠭᠡ ᠶᠢᠨ ᠲᠣᠭᠤᠷᠢᠨ ᠳᠤ ᠰᠡᠷᠡᠮᠵᠢᠯᠡᠭᠦᠯᠬᠦ ᠬᠥᠮᠦᠵᠢᠯ ᠬᠢᠨ᠎ᠡ᠃ ︽ᠬᠤᠶᠠᠷ ᠢ ᠲᠤᠭᠳᠠᠭᠠᠭᠰᠠᠨ︾ ᠪᠠᠶᠢᠭᠤᠯᠤᠮᠵᠢ ᠪᠣᠯᠣᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠬᠠᠮᠲᠤ ᠪᠠᠷ ᠬᠥᠳᠡᠯᠦᠯᠴᠡᠵᠦ᠂ ᠡᠮ ᠡᠮᠨᠡᠯᠭᠡ   ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠮᠡᠬᠡᠯᠡᠨ ᠠᠪᠤᠭᠰᠠᠨ᠂ ᠮᠡᠬᠡᠯᠡᠨ ᠠᠪᠤᠭᠰᠠᠨ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠠᠮᠲᠤ ᠪᠠᠷ ᠭᠠᠷ ᠬᠤᠯᠪᠣᠨ ᠮᠠᠨ ᠤ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ   ᠶᠢ ᠬᠡᠷᠡᠭᠯᠡᠬᠦ ᠴᠡᠪᠡᠷ ᠲᠤᠩᠭᠠᠯᠠᠭ ᠣᠷᠴᠢᠨ ᠨᠥᠬᠦᠴᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠭᠦᠨ ᠢᠶᠠᠷ ᠡᠬᠢᠯᠡᠯᠲᠡ ᠪᠣᠯᠭᠠᠵᠤ᠂ ︽ᠬᠤᠶᠠᠷ ᠢ ᠲᠤᠭᠳᠠᠭᠠᠭᠰᠠᠨ︾ ᠪᠠᠶᠢᠭᠤᠯᠤᠮᠵᠢ ᠪᠠ ᠳᠠᠭᠠᠳᠬᠠᠯ ᠳᠤ ᠣᠷᠣᠯᠴᠠᠭᠰᠠᠳ ᠢᠶᠠᠷ ᠭᠤᠣᠯᠳᠠᠯᠭ᠎ᠠ ᠪᠣᠯᠭᠠᠵᠤ᠂ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠪᠠᠷ ᠬᠠᠷᠠᠯᠲᠠ ᠪᠣᠯᠭᠠᠵᠤ᠂ ︽ᠠᠮᠤᠷ ᠲᠦᠪᠰᠢᠨ ᠤ ᠵᠢᠷᠤᠮᠵᠢᠯ ᠳᠤ ᠰᠠᠭᠤᠷᠢ ᠮᠥᠩᠭᠦ ᠶᠢ ᠬᠡᠷᠡᠭᠯᠡᠵᠦ᠂ ᠠᠷᠠᠳ ᠲᠦᠮᠡᠨ ᠤ ︿ᠡᠪᠡᠳᠴᠢᠨ ᠦᠵᠡᠭᠦᠯᠬᠦ ᠵᠣᠭᠤᠰ﹀ ᠢ ᠰᠠᠶᠢᠲᠤᠷ ᠰᠠᠬᠢᠬᠤ︾ ᠠᠵᠢᠯᠯᠠᠭ᠎ᠠ ᠶᠢᠨ ᠭᠤᠣᠯ ᠰᠡᠳᠦᠪ ᠢ ᠲᠣᠪᠤᠶᠢᠯᠭᠠᠨ᠂ ᠨᠠᠢᠮᠠᠨ ᠵᠦᠢᠯ ᠤᠨ ᠭᠤᠣᠯ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠰᠠᠭᠤᠷᠢ ᠮᠥᠩᠭᠦ ᠶᠢ ᠬᠡᠷᠡᠭᠯᠡᠬᠦ ᠰᠤᠷᠲᠠᠯ ᠴᠢᠬᠡᠴᠢ ᠣᠪᠣᠷ ᠲᠥᠪ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1