ᠲᠣᠭᠲᠠᠬᠤ ᠰᠢᠶᠠᠨ᠄ ︽ᠨᠢᠭᠡ ᠬᠥᠮᠥᠨ ᠬᠦᠴᠢᠷᠳᠡᠯ ᠳᠤ ᠲᠤᠯᠭᠠᠷᠠᠪᠠᠯ᠂ ᠨᠠᠢᠮᠠᠨ ᠲᠠᠯ᠎ᠠ ᠠᠴᠠ ᠳᠡᠮᠵᠢᠬᠦ︾ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠵᠢᠯ ᠢ ᠡᠬᠢᠯᠡᠭᠦᠯᠪᠡ ᠲᠦᠷᠦᠭᠦᠸ ᠪᠦᠯᠦᠭ ᠤᠨ 11 ᠶᠠᠳᠠᠭᠤ ᠬᠦᠴᠢᠷᠳᠡᠯᠲᠡᠢ ᠭᠡᠷ ᠪᠦᠯᠢ ᠶᠢᠨ ᠲᠥᠯᠥᠭᠡᠯᠡᠭᠴᠢ ᠳᠤ ᠠᠪᠤᠷᠠᠨ ᠲᠤᠰᠠᠯᠠᠯᠲᠠ ᠬᠦᠷᠲᠡᠭᠡᠪᠡ
ᠨᠡᠶᠢᠲᠡᠯᠡᠭᠰᠡᠨ ᠴᠠᠭ᠄
2023/4/6
      4 ᠳ᠋ᠤᠭᠡᠷ ᠰᠠᠷ᠎ᠠ ᠶᠢᠨ 3 ᠤ ᠡᠳᠦᠷ᠂ ᠲᠣᠭᠲᠠᠬᠤ ᠰᠢᠶᠠᠨ ︽ᠨᠢᠭᠡ ᠬᠥᠮᠥᠨ ᠬᠦᠴᠢᠷᠳᠡᠯ ᠳᠤ ᠲᠤᠯᠭᠠᠷᠠᠪᠠᠯ᠂ ᠨᠠᠢᠮᠠᠨ ᠲᠠᠯ᠎ᠠ ᠠᠴᠠ ᠳᠡᠮᠵᠢᠬᠦ︾ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠭᠤᠤ ᠵᠧᠩ᠂ ᠵᠠᠢ ᠱᠦ ᠵᠢᠶᠧ᠂ ᠶᠠᠩ ᠶᠢᠨ᠂ ᠱᠢ ᠵᠢᠶᠠᠨ ᠵᠦᠩ᠂ ᠳ᠋ᠠ ᠲᠠᠩ ᠲᠤᠭᠳᠠᠬᠤ ᠴᠠᠬᠢᠯᠭᠠᠨ ᠬᠦᠴᠦᠨ ᠤ ᠺᠣᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠭᠤᠸᠠᠨ ᠵᠢᠢ ᠴᠢᠶᠠᠩ ᠶᠣᠰᠣᠯᠠᠯ ᠳᠤ ᠣᠷᠣᠯᠴᠠᠵᠠᠢ᠃ ᠬᠠᠶᠢᠷ᠎ᠠ ᠬᠠᠯᠠᠮᠵᠢ ᠶᠢᠨ ᠨᠢᠭᠡᠴᠡ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠥᠰ ᠤᠨ ᠲᠥᠯᠥᠭᠡᠯᠡᠭᠴᠢ᠂ ᠲᠤᠰᠠᠯᠠᠮᠵᠢ ᠭᠥᠷᠳᠡᠭᠰᠡᠨ ᠡᠪᠡᠳᠴᠢᠲᠡᠨ ᠤ ᠭᠡᠷ ᠪᠦᠯᠢ ᠶᠢᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠦᠴᠢᠷᠳᠡᠯ ᠲᠠᠢ ᠭᠡᠷ ᠪᠦᠯᠢ ᠶᠢᠨ 11 ᠲᠥᠯᠥᠭᠡᠯᠡᠭᠴᠢ ᠲᠤᠰ ᠲᠤᠰ 5000 ᠲᠥᠭᠦᠷᠢᠭ ᠤᠨ ᠲᠤᠰᠠᠯᠠᠮᠵᠢ ᠶᠢᠨ ᠮᠥᠩᠭᠦ ᠣᠯᠵᠠᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠭᠤᠸ ᠵᠧᠩ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ︽ᠨᠢᠭᠡ ᠬᠥᠮᠥᠨ ᠬᠦᠴᠢᠷᠳᠡᠪᠡᠯ ᠨᠠᠢᠮᠠᠨ ᠲᠠᠯ᠎ᠠ ᠪᠠᠷ ᠢᠶᠠᠨ ᠳᠡᠮᠵᠢᠬᠦ︾ ᠰᠠᠭᠤᠷᠢ ᠮᠥᠩᠭᠦ ᠪᠠᠶᠢᠭᠤᠯᠬᠤ ᠨᠢ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠪᠠ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ ᠶᠤᠮ᠂ ᠡᠭᠦᠨ ᠤ ᠵᠡᠷᠭᠡ ᠳᠤ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠰᠦᠯᠵᠢᠶ᠎ᠡ ᠶᠢᠨ ᠬᠦᠴᠦᠲᠡᠢ ᠨᠥᠬᠦᠪᠦᠷᠢ ᠪᠣᠯᠭᠠᠵᠤ᠂ ᠵᠠᠰᠠᠭ ᠤᠨ ᠣᠷᠳᠣᠨ ᠤ ᠪᠠᠭᠤᠷᠠᠢ ᠬᠠᠮᠲᠤᠯᠢᠭ ᠢ ᠬᠠᠯᠠᠮᠵᠢᠯᠠᠨ ᠲᠤᠰᠠᠯᠠᠬᠤ ᠳᠤ ᠰᠢᠨ᠎ᠡ ᠠᠷᠭ᠎ᠠ ᠵᠠᠮ ᠬᠠᠩᠭᠠᠬᠤ ᠶᠢᠨ ᠲᠥᠯᠥᠭᠡ ᠶᠤᠮ ᠭᠡᠵᠡᠢ᠃ ᠭᠤᠤ ᠵᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠣᠨ ᠬᠦᠴᠢᠷᠳᠡᠯᠲᠡᠢ ᠤᠯᠠᠨ ᠲᠦᠮᠡᠨ ᠤ ᠡᠮᠦᠨ᠎ᠡ ᠠᠴᠠ ᠳ᠋ᠡ ᠲᠠᠩ ᠤᠨ ᠲᠤᠭᠳᠠᠬᠤ ᠴᠠᠬᠢᠯᠭᠠᠨ ᠬᠦᠴᠦᠨ ᠤ ᠺᠣᠮᠫᠠᠨᠢ ᠵᠢᠴᠢ ᠰᠢᠶᠠᠨ ᠤ ᠨᠢᠭᠦᠯᠡᠰᠦᠩᠭᠦᠢ ᠶᠢᠨ ᠦᠢᠯᠡᠰ ᠢ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠬᠤᠶᠢᠰᠢᠳᠠ ᠰᠠᠭᠤᠷᠢ ᠮᠥᠩᠭᠦ ᠨᠢ ᠠᠪᠤᠷᠠᠨ ᠲᠤᠰᠠᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠲᠤ ᠨᠡᠩ ᠣᠯᠠᠨ ᠠᠵᠤ ᠠᠬᠤᠶᠢᠯᠠᠯ ᠪᠣᠯᠣᠨ ᠬᠤᠪᠢ ᠬᠥᠮᠥᠨ ᠢ ᠨᠢᠭᠦᠯᠡᠰᠦᠩᠭᠦᠢ ᠶᠢᠨ ᠦᠢᠯᠡᠰ ᠲᠤ ᠣᠷᠣᠯᠴᠠᠭᠤᠯᠬᠤ ᠪᠠᠷ ᠤᠷᠢᠶᠠᠯᠠᠨ᠎ᠠ᠃ ᠡᠭᠦᠨ ᠤ ᠵᠡᠷᠭᠡᠴᠡᠭᠡᠪᠡᠷ ᠪᠠᠰᠠ ᠰᠠᠭᠤᠷᠢ ᠮᠥᠩᠭᠦ ᠪᠠ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠡᠨᠡᠬᠦ ᠠᠵᠢᠯ ᠢ ᠤᠷᠳᠤ ᠬᠤᠭᠤᠴᠠᠭ᠎ᠠ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ︽ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ ᠬᠠᠮᠲᠤᠪᠠᠷ ᠴᠢᠨᠡᠭᠡᠯᠢᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠪᠠᠰᠠᠴᠤ ᠤᠯᠤᠰ ᠤᠨ ᠥᠮᠴᠢᠯᠡᠯ ᠤᠨ ᠡᠳ᠋ ᠬᠥᠷᠥᠩᠭᠡ ᠲᠥᠪ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠮᠥᠨ︾᠃ ᠳ᠋ᠠ ᠲᠠᠩ ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠶᠢᠨ ᠬᠢᠨ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠭᠦᠢᠴᠡᠳ ᠲᠤᠭ᠎ᠠ ᠪᠠᠷ ᠭᠠᠶᠢᠯᠢ ᠲᠤᠰᠢᠶᠠᠵᠤ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠠᠢ᠃ ᠡᠭᠦᠨ ᠤ ᠵᠡᠷᠭᠡᠪᠡᠷ᠂  ᠲᠤᠭᠳᠠᠬᠤ ᠴᠠᠬᠢᠯᠭᠠᠨ ᠬᠦᠴᠦᠨ ᠤ ᠺᠣᠮᠫᠠᠨᠢ ᠶᠢᠨ ᠬᠢᠨ ᠲᠤᠭᠳᠠᠬᠤ ᠰᠢᠶᠠᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠶᠦᠨ ᠵᠦᠩ ᠶᠢᠨ ᠨᠠᠰᠤᠲᠠᠨ ᠳᠤ ᠠᠴᠢ ᠬᠠᠷᠢᠭᠤᠯᠵᠤ᠂ ᠲᠤᠭᠳᠠᠬᠤ ᠰᠢᠶᠠᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠤᠪᠢ ᠨᠡᠮᠡᠷᠢ ᠪᠠᠨ ᠦᠵᠡᠭᠦᠯᠵᠡᠢ︾ ᠭᠡᠵᠦ ᠲᠤᠭᠳᠠᠬᠤ ᠴᠠᠬᠢᠯᠭᠠᠨ ᠬᠦᠴᠦᠨ ᠤ ᠺᠣᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠭᠤᠸᠠᠨ ᠵᠢᠢ ᠴᠢᠶᠠᠩ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1