ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ︽ᠬᠠᠤᠯᠢ ᠴᠠᠭᠠᠵᠠ ᠶᠢᠨ ᠮᠡᠷᠭᠡᠨ ᠬᠥᠮᠥᠨ︾ ᠤ ᠪᠣᠯᠪᠠᠰᠤᠷᠠᠭᠤᠯᠤᠯ ᠢ ᠥᠷᠨᠢᠭᠦᠯᠵᠦ ︽ᠭᠠᠵᠢᠭᠤ ᠨᠣᠮᠯᠠᠯ ᠢ ᠡᠰᠡᠷᠭᠦᠴᠡᠬᠦ︾ ᠦᠨᠳᠦᠰᠦᠨ ᠱᠠᠲᠤᠨ ᠤ ᠬᠦᠴᠦᠨ  ᠢ ᠴᠢᠩᠭᠠᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2023/4/7
      ᠦᠨᠳᠦᠰᠦᠨ ᠱᠠᠲᠤᠨ ᠤ ︽ᠬᠠᠤᠯᠢ ᠴᠠᠭᠠᠵᠠ ᠶᠢᠨ ᠮᠡᠷᠭᠡᠨ ᠬᠥᠮᠥᠨ︾ ᠪᠣᠯ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢᠨ ᠳᠠᠭᠠᠭᠤᠯᠤᠭᠴᠢ ᠮᠥᠨ᠃ ᠲᠣᠰ ᠡᠩᠨᠡᠭᠡ ᠶᠢᠨ ᠬᠠᠤᠯᠢ ᠴᠠᠭᠠᠵᠠ ᠶᠢᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠾᠧ ᠺᠸᠦ ᠬᠠᠤᠯᠢ ᠴᠠᠭᠠᠵᠠ ᠶᠢᠨ ᠭᠠᠵᠠᠷ ᠤᠨ ᠬᠢᠨ ᠬᠠᠲᠤᠨ ᠭᠤᠣᠯ ᠤᠨ ᠴᠢᠭᠢᠭᠯᠢᠭ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠵᠣᠬᠢᠶᠠᠨ ᠪᠠᠶᠢᠭᠤᠯᠵᠤ 2023 ᠣᠨ ᠤ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ︾ ᠤ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠭᠤᠯᠵᠠᠢ᠃ ᠡᠭᠦᠨ ᠤ ᠬᠠᠮᠲᠤ᠂ ᠲᠡᠳᠡᠨ ᠤ ᠭᠠᠵᠢᠭᠤ ᠨᠣᠮᠯᠠᠯ ᠢ ᠡᠰᠡᠷᠭᠦᠴᠡᠬᠦ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠤ ᠪᠣᠳᠠᠲᠠᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷᠲᠤ ᠴᠢᠨᠠᠷ ᠢ ᠢᠳᠡᠪᠬᠢᠲᠡᠢ ᠤᠬᠠᠭᠤᠯᠬᠤ ᠶᠢᠨ ᠲᠥᠯᠥᠭᠡ᠂ ᠾᠧ ᠺᠧᠦ ᠶᠢᠨ ᠬᠠᠤᠯᠢ ᠬᠡᠷᠡᠭᠵᠢᠭᠦᠯᠬᠦ ᠭᠠᠵᠠᠷ ᠤᠨ ᠬᠢᠨ ᠥᠪᠥᠷ ᠮᠣᠩᠭᠤᠯ ᠤᠨ ᠺᠦᠨ ᠶᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠵᠣᠯᠭᠠᠭᠤᠯᠵᠤ᠂ 3 ᠳ᠋ᠤᠭᠠᠷ ᠰᠠᠷ᠎ᠠ ᠶᠢᠨ 30 ᠤ ᠡᠳᠦᠷ ᠲᠤᠰᠬᠠᠶᠢᠯᠠᠨ ᠬᠤᠸ ᠵᠢᠶᠠ ᠶᠣᠣ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠥᠨ︾ ᠳᠤ ︽ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ᠂ ᠭᠠᠵᠢᠭᠤ ᠨᠣᠮᠯᠠᠯ ᠤᠨ ᠨᠡᠷᠪᠡᠯᠲᠡ ᠶᠢ ᠬᠤᠷᠢᠭᠯᠠᠬᠤ︾ ᠪᠠᠷ ᠭᠤᠣᠯ ᠰᠡᠳᠦᠪ ᠪᠣᠯᠭᠠᠭᠰᠠᠨ ᠨᠢᠭᠡ ᠤᠳᠠᠭᠠᠨ ᠤ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠶᠠᠷ ᠬᠠᠤᠯᠢᠴᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠴᠠᠭᠠᠵᠠᠯᠠᠵᠤ᠂ ᠭᠠᠵᠢᠭᠤ ᠨᠣᠮᠯᠠᠯ ᠤᠨ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠲᠤᠬᠠᠢ ᠲᠣᠭᠲᠠᠭᠠᠯ︾ ᠢ ᠵᠣᠬᠢᠶᠠᠨ ᠪᠠᠶᠢᠭᠤᠯᠤᠨ ᠰᠤᠷᠤᠯᠴᠠᠵᠤ᠂ ᠭᠠᠵᠢᠭᠤ ᠨᠣᠮᠯᠠᠯ ᠢ ᠡᠰᠡᠷᠭᠦᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠡᠷᠡᠭᠦᠦ ᠶᠢᠨ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠪᠣᠯᠣᠨ ︽ᠰᠢᠤᠳᠠᠨ ᠤ ᠬᠠᠤᠯᠢ ︾ ᠵᠡᠷᠭᠡ ᠭᠠᠵᠢᠭᠤ ᠨᠣᠮᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠺᠠᠳ᠋ᠷ ᠤᠯᠠᠨ ᠲᠦᠮᠡᠨ ᠳᠤ ᠠᠮᠢᠳᠤᠯᠢᠭ ᠪᠥᠭᠡᠳ ᠭᠦᠨ ᠭᠦᠨᠵᠡᠭᠡᠢ ᠰᠡᠷᠡᠮᠵᠢᠯᠡᠭᠦᠯᠬᠦ ᠬᠥᠮᠦᠵᠢᠯ ᠬᠦᠷᠲᠡᠭᠡᠵᠡᠢ᠃ ᠾᠧ ᠺᠸᠦ ᠬᠠᠤᠯᠢ ᠴᠠᠭᠠᠵᠠ ᠶᠢᠨ ᠭᠠᠵᠠᠷ ᠪᠠᠰᠠ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠵᠣᠬᠢᠶᠠᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾  ᠶᠢᠨ ᠨᠡᠶᠢᠭᠡᠮ ᠤᠨ ᠮᠡᠳᠡᠯᠭᠡ ᠶᠢᠨ ᠬᠡᠮᠵᠢᠶ᠎ᠡ ᠪᠠ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠰᠡᠷᠭᠡᠶᠢᠯᠡᠬᠦ ᠴᠣᠬᠢᠯᠲᠠ ᠥᠭᠬᠦ ᠳᠤ ᠣᠷᠤᠯᠴᠠᠬᠤ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠡᠢ᠃      ᠤᠬᠠᠭᠤᠯᠤᠨ ᠲᠠᠶᠢᠯᠪᠤᠷᠢᠯᠠᠬᠤ ᠬᠤᠷᠠᠯ ᠤᠨ ᠲᠠᠷᠠᠭ᠎ᠠ᠂ ᠺᠠᠳ᠋ᠷ ᠤᠯᠠᠨ ᠲᠦᠮᠡᠨ ᠳᠡᠷᠭᠡᠳᠡᠬᠢ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠲᠠᠷᠢᠶᠠᠨ ᠭᠠᠵᠠᠷ᠂ ᠰᠢᠭᠤᠶᠢᠲᠤ ᠭᠠᠵᠠᠷ ᠤᠨ ᠲᠠᠯ᠎ᠠ ᠶᠢᠨ ᠠᠰᠠᠭᠤᠳᠠᠯ᠂ ᠤᠷᠤᠭ ᠭᠡᠷ ᠪᠦᠯᠢ ᠶᠢᠨ ᠲᠠᠯ᠎ᠠ ᠶᠢᠨ ᠠᠰᠠᠭᠤᠳᠠᠯ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠥᠷᠢᠴᠡᠭᠰᠡᠨ ᠪᠠ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠲᠠᠯ᠎ᠠ ᠶᠢᠨ ᠠᠰᠠᠭᠤᠳᠠᠯ᠂ ᠬᠠᠮᠲᠤ ᠶᠢᠨ ᠲᠥᠯᠥᠪᠦᠷᠢ ᠶᠢᠨ ᠵᠣᠭᠤᠰ ᠢ ᠲᠦᠭᠡᠭᠡᠵᠦ ᠬᠡᠷᠡᠭᠯᠡᠭᠰᠡᠨ ᠠᠰᠠᠭᠤᠳᠠᠯ᠂ ᠵᠠᠷᠭᠤ ᠶᠢᠨ ᠬᠦᠴᠦᠨ ᠲᠠᠢ ᠬᠤᠭᠤᠴᠠᠭ᠎ᠠ ᠶᠢᠨ ᠠᠰᠠᠭᠤᠳᠠᠯ ᠵᠡᠷᠭᠡ ᠠᠰᠠᠭᠤᠳᠠᠯ ᠤᠨ ᠲᠤᠬᠠᠢ ᠬᠠᠤᠯᠢᠴᠢ ᠨᠠᠷ ᠨᠠᠷᠢᠨ ᠲᠣᠳᠣᠷᠬᠠᠢ ᠬᠠᠷᠢᠭᠤᠯᠲᠠ ᠥᠭᠴᠡᠢ᠃ ᠬᠠᠤᠯᠢ ᠴᠠᠭᠠᠵᠠ ᠶᠢᠨ ᠭᠠᠵᠠᠷ ᠤᠨ ᠨᠥᠬᠦᠳ ᠺᠠᠳ᠋ᠷ ᠤᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠥᠭᠴᠦ᠂ ᠲᠡᠳᠡᠨ ᠢ ᠬᠠᠪᠰᠤᠷᠤᠨ ᠸᠢᠴᠠᠲ ᠢ ︽ᠳᠤᠮᠳᠠᠳᠤ ᠤᠯᠤᠰ ᠤᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠲᠡ ᠶᠢᠨ ᠳ᠋ᠤᠭᠠᠷ︾ ᠢ ᠠᠩᠬᠠᠷᠴᠤ᠂ ᠲᠡᠳᠡᠨ ᠢ ᠴᠠᠭ ᠲᠤᠨᠢ ᠲᠣᠬᠢᠷᠠᠭᠤᠯᠤᠨ ᠲᠡᠭᠦᠨ ᠤ ᠳᠣᠲᠣᠷᠠᠬᠢ ᠠᠭᠤᠯᠭ᠎ᠠ ᠶᠢ ᠠᠩᠬᠠᠷᠤᠨ ᠰᠤᠷᠤᠯᠴᠠᠬᠤ ᠶᠢ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1