ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠪᠠ
ᠨᠡᠶᠢᠲᠡᠯᠡᠭᠰᠡᠨ ᠴᠠᠭ᠄
2023/4/7
      ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠣᠳᠠᠲᠤ ᠠᠵᠢᠯᠯᠠᠭ᠎ᠠ ᠪᠠᠷ ᠢᠶᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠭᠤᠯᠠᠨ ᠰᠢᠷᠡᠭᠡᠨ ᠤ ᠪᠣᠯᠪᠠᠰᠤᠨ ᠢᠶᠠᠷ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠣᠶᠤᠨᠴᠢ ᠬᠡᠷᠡᠭᠯᠡᠭᠡ ᠪᠠᠷ ᠨᠡᠭᠦᠷᠡᠰᠦᠲᠥ᠋ᠷᠥᠭᠴᠢ ᠪᠠᠭ᠎ᠠ ᠪᠣᠬᠢᠷᠳᠤᠯ ᠦᠭᠡᠢ ᠠᠮᠢᠳᠤᠷᠠᠯ ᠢ ᠬᠥᠲᠥᠯᠥᠨ ᠳᠠᠭᠠᠭᠤᠯᠵᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠰᠢᠶᠠᠨ ᠤ ᠬᠡᠪᠴᠢᠶᠡᠨ ᠳᠤ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠ ᠢᠳᠡᠬᠦ ᠲᠠᠯᠠᠪᠤᠷ ᠤᠨ ᠢᠯᠡ ᠭᠠᠵᠠᠷ ᠲᠤ ︽ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ︽ᠯᠠᠶᠢᠰᠧᠷ ᠲᠠᠪᠠᠭ  ᠤᠨ ᠠᠵᠢᠯᠯᠠᠭ᠎ᠠ︾ ᠵᠡᠷᠭᠡ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠡᠮᠳᠡᠭ ᠨᠠᠭᠠᠭᠰᠠᠨ ᠡᠰᠡᠬᠦ᠂ ᠡᠵᠡᠩᠨᠡᠭᠴᠢᠳ ᠰᠠᠨᠠᠭᠠᠴᠢᠯᠠᠭ᠎ᠠ ᠠᠴᠠ ᠪᠠᠨ ᠬᠡᠷᠡᠭᠯᠡᠭᠴᠢᠳ ᠲᠤ ᠢᠳᠡᠭᠡᠨ ᠢ ᠪᠦᠷᠢᠯᠭᠡᠬᠦ   ᠶᠢ ᠡᠰᠡᠷᠭᠦᠴᠡᠬᠦ ᠰᠠᠨᠠᠭᠤᠯᠭ᠎ᠠ ᠥᠭᠭᠦᠭᠰᠡᠨ ᠡᠰᠡᠬᠦ᠂ ᠵᠣᠬᠢᠬᠤ ᠬᠡᠮᠵᠢᠶᠡᠨ ᠤ ᠬᠤᠭᠤᠯᠠ ᠵᠠᠬᠢᠶᠠᠯᠠᠬᠤ   ᠶᠢ ᠢᠳᠡᠪᠬᠢᠲᠡᠢ ᠰᠠᠨᠠᠭᠠᠴᠢᠯᠠᠨ ᠨᠠᠶᠢᠳᠠᠪᠤᠷᠢᠵᠢᠭᠤᠯᠤᠭᠰᠠᠨ ᠡᠰᠡᠬᠦ᠂ ᠵᠢᠵᠢᠭ ᠵᠠᠭᠤᠰᠢ᠂ ᠦᠯᠡᠳᠡᠭᠰᠡᠨ ᠨᠣᠭᠤᠭ᠎ᠠ   ᠶᠢ ᠪᠣᠭᠤᠳᠠᠯᠯᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠡᠰᠡᠬᠦ᠂ ᠲᠣᠭᠤᠭᠠᠨ ᠭᠡᠷ ᠲᠤ ᠬᠢᠬᠦ ᠶᠠᠪᠤᠴᠠ ᠳᠤ ᠢᠳᠡᠭᠡᠨ ᠢ ᠬᠦᠨᠳᠦ ᠨᠣᠴᠢᠲᠠᠢ ᠪᠦᠷᠢᠯᠭᠡᠭᠰᠡᠨ ᠡᠰᠡᠬᠦ ᠵᠡᠷᠭᠡ ᠠᠵᠢᠯᠯᠠᠭ᠎ᠠ   ᠶᠢ ᠭᠤᠣᠯᠳᠠᠯᠭ᠎ᠠ ᠲᠠᠢ ᠪᠠᠷ ᠪᠠᠶᠢᠴᠠᠭᠠᠨ᠎ᠠ᠃      ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠬᠤ ᠲᠤᠰᠬᠠᠢ ᠠᠵᠢᠯᠯᠠᠭ᠎ᠠ ᠶᠢᠨ ᠳᠤᠮᠳᠠ ᠢᠯᠡᠷᠡᠭᠦᠯᠦᠭᠰᠡᠨ ᠵᠥᠪ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠶᠢ ︽ᠤᠯᠠᠭᠠᠨ ᠬᠠᠷ᠎ᠠ ᠰᠠᠮᠪᠠᠷ᠎ᠠ︾ ᠶᠢᠨ ᠬᠡᠯᠪᠡᠷᠢ ᠪᠠᠷ ᠨᠡᠶᠢᠭᠡᠮ ᠨᠡᠶᠢᠲᠡ ᠳᠤ ᠵᠠᠷᠯᠠᠵᠤ᠂ ᠥᠷᠭᠡᠨ ᠣᠯᠠᠨ ᠬᠤᠲᠠ   ᠶᠢᠨ ᠠᠷᠠᠳ ᠬᠢᠨᠠᠯᠲᠠ ᠲᠠᠯᠪᠢᠬᠤ   ᠶᠢ ᠬᠦᠰᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1