ᠡᠯ᠎ᠡ ᠭᠠᠵᠠᠷ ᠲᠤ ᠮᠣᠳᠣ ᠲᠠᠷᠢᠵᠤ ᠣᠶᠢᠵᠢᠭᠤᠯᠬᠤ ᠬᠠᠯᠠᠭᠤᠨ ᠥᠷᠨᠢᠯᠲᠡ ᠭᠠᠷᠴᠤ ᠪᠠᠶᠢᠨ᠎ᠠ
ᠨᠡᠶᠢᠲᠡᠯᠡᠭᠰᠡᠨ ᠴᠠᠭ᠄
2023/4/9
      ᠣᠶᠢᠷ᠎ᠠ ᠶᠢᠨ ᠡᠳᠦᠷ ᠤᠳ ᠲᠤ ᠡᠯ᠎ᠡ ᠭᠠᠵᠠᠷ ᠲᠤ ᠮᠣᠳᠣ ᠲᠠᠷᠢᠵᠤ ᠣᠶᠢᠵᠢᠭᠤᠯᠬᠤ ᠬᠠᠯᠠᠭᠤᠨ ᠥᠷᠨᠢᠯᠲᠡ ᠭᠠᠷᠴᠤ᠂ ᠬᠥᠮᠥᠰ ᠣᠶᠢᠵᠢᠭᠤᠯᠵᠤ ᠪᠠᠶᠢᠭᠠᠯᠢ ᠣᠷᠴᠢᠨ ᠢ ᠬᠠᠮᠠᠭᠠᠯᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ  ᠢ ᠬᠠᠮᠲᠤ   ᠪᠠᠷ ᠪᠠᠶᠢᠭᠤᠯᠵᠤ ᠪᠠᠶᠢᠨ᠎ᠠ᠃                              ᠡᠨᠡ ᠬᠤᠶᠠᠷ ᠬᠤᠨᠤᠭ ᠲᠤ ᠬᠥᠬᠡᠨᠠᠭᠤᠷ ᠤᠨ ᠬᠠᠢ ᠳ᠋ᠦᠩ ᠤᠨ ᠬᠠᠲᠤᠨ ᠭᠤᠣᠯ ᠤᠨ ᠬᠥᠪᠡᠭᠡᠨ ᠳᠤ ᠬᠥᠮᠥᠰ ᠴᠢᠬᠢ ᠮᠣᠳᠣ ᠰᠠᠭᠤᠯᠭᠠᠨ᠂ ᠪᠣᠷᠳᠣᠭᠤᠷ ᠣᠷᠣᠭᠤᠯᠵᠤ᠂ ᠤᠰᠤ ᠰᠠᠴᠤᠨ ᠬᠠᠪᠤᠷ ᠤᠨ ᠤᠯᠠᠷᠢᠯ ᠤᠨ ᠠᠯᠪᠠᠨ ᠵᠢᠷᠤᠮ  ᠤᠨ ᠮᠣᠳᠣ ᠲᠠᠷᠢᠬᠤ ᠠᠵᠢᠯᠯᠠᠭ᠎ᠠ ᠶᠢ ᠡᠬᠢᠯᠡᠭᠦᠯᠦᠨ᠂ ᠬᠥᠬᠡᠨᠠᠭᠤᠷ ᠤᠨ ᠵᠡᠭᠦᠨ ᠪᠡᠶ᠎ᠡ ᠶᠢᠨ ᠣᠷᠣᠨ ᠤ ᠠᠮᠢ ᠠᠬᠤᠢ  ᠶᠢᠨ ᠠᠶᠤᠯ ᠦᠭᠡᠢ ᠶᠢᠨ ᠬᠠᠯᠬᠠᠪᠴᠢ ᠶᠢ ᠪᠠᠶᠢᠭᠤᠯᠵᠤ ᠪᠠᠶᠢᠨ᠎ᠠ᠃ ᠥᠪᠥᠷ ᠮᠣᠩᠭᠤᠯ ᠤᠨ ᠬᠤᠷᠴᠢᠨ ᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠣᠶᠢᠵᠢᠭᠤᠯᠤᠯᠲᠠ ᠶᠢᠨ ᠲᠠᠯᠠᠪᠠᠢ ᠳᠤ ᠲᠤᠬᠠᠢ ᠶᠢᠨ ᠭᠠᠵᠠᠷ ᠤᠨ ᠬᠢᠨ ᠡᠯᠡᠰᠦ ᠶᠢ ᠵᠠᠰᠠᠬᠤ᠂ ᠪᠦᠷᠬᠦᠴᠡ ᠶᠢ ᠨᠢ ᠰᠡᠷᠭᠦᠭᠡᠬᠦ᠂ ᠤᠰᠤ ᠶᠢ ᠨᠢ ᠬᠠᠳᠠᠭᠠᠯᠠᠬᠤ᠂ ᠲᠠᠷᠢᠶᠠᠯᠠᠬᠤ ᠪᠠᠨ ᠵᠣᠭᠰᠣᠭᠠᠬᠤ ᠪᠠᠷ ᠳᠠᠮᠵᠢᠨ ᠬᠤᠷᠴᠢᠨ ᠤ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠪᠬᠢ ᠶᠢ ᠪᠦᠬᠦ ᠲᠠᠯ᠎ᠠ ᠪᠠᠷ ᠰᠢᠰᠲ᠋ᠧᠮ ᠲᠠᠢ ᠬᠠᠮᠠᠭᠠᠯᠠᠨ ᠰᠡᠷᠭᠦᠭᠡᠵᠦ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1