ᠲᠣᠭᠲᠠᠬᠤ ᠰᠢᠶᠠᠨ ᠤ ︽ᠬᠤᠶᠠᠷ ᠤᠯᠠᠭᠠᠨ ᠬᠤᠶᠠᠷ ᠰᠢᠯᠢᠳᠡᠭ︾ ᠤᠨ ᠢᠷᠠᠭᠤ ᠠᠯᠳᠠᠷ ᠤᠨ ᠰᠠᠮᠪᠠᠷ᠎ᠠ ᠶᠢ ᠨᠡᠶᠢᠲᠡᠯᠡᠪᠡ︕
ᠨᠡᠶᠢᠲᠡᠯᠡᠭᠰᠡᠨ ᠴᠠᠭ᠄
2023/5/11
      2022 ᠣᠨ ᠠᠴᠠ ᠨᠠᠰᠢ᠂ ᠪᠦᠬᠦ ᠰᠢᠶᠠᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ᠂ ᠡᠪᠯᠡᠯ ᠤᠨ ᠺᠠᠳ᠋ᠷᠴᠤᠳ ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠵᠠᠮ ᠨᠡᠭᠡᠭᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠵᠤ᠂ ᠲᠤᠰ ᠠᠵᠢᠯ ᠤᠨ ᠪᠠᠶᠢᠷᠢ ᠳᠠᠭᠠᠨ ᠰᠠᠭᠤᠷᠢᠯᠠᠭᠰᠠᠨ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠭᠰᠠᠨ᠂ ᠰᠢᠷᠭᠠᠭᠤ ᠠᠵᠢᠯᠯᠠᠭᠰᠠᠨ᠂ ᠭᠤᠶᠠᠴᠢ ᠦᠭᠡᠢ ᠵᠢᠳᠬᠦᠭᠰᠡᠨ ᠦᠯᠡᠮᠵᠢ ᠤᠯᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠴᠣᠯᠭᠤᠷᠠᠨ ᠭᠠᠷᠴᠠᠢ᠃      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠡᠪᠯᠡᠯ ᠤᠨ ᠭᠡᠰᠢᠭᠦᠨ᠂ ᠡᠪᠯᠡᠯ ᠤᠨ ᠺᠠᠳ᠋ᠷᠴᠤᠳ ᠢ ᠵᠣᠷᠢᠭᠵᠢᠭᠤᠯᠤᠨ ᠡᠯ᠎ᠡ ᠵᠦᠢᠯ ᠤᠨ ᠠᠵᠢᠯ ᠤᠨ ᠳᠤᠮᠳᠠ ᠪᠠᠨ ᠳᠠᠬᠢᠨᠲᠠ ᠰᠢᠯᠢᠳᠡᠭ ᠪᠦᠲᠦᠮᠵᠢ ᠭᠠᠷᠭᠠᠵᠤ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠵᠣᠷᠢᠭᠵᠢᠭᠤᠯᠤᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠦᠯᠵᠦ᠂ ᠡᠪᠯᠡᠯ ᠤᠨ ᠰᠢᠶᠠᠨ ᠤ ᠬᠤᠷᠢᠶ᠎ᠠ ᠠᠴᠠ ᠲᠢᠶᠠᠨ ᠢᠦᠢ ᠴᠢᠩ ᠵᠡᠷᠭᠡ 42 ᠨᠥᠬᠦᠳ ᠲᠤ ︽ᠪᠦᠬᠦ ᠰᠢᠶᠠᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ ᠳ᠋ᠦᠩ ᠴᠦᠨ ᠰᠢᠶᠠᠩ ᠵᠡᠷᠭᠡ 23 ᠨᠥᠬᠦᠳ ᠲᠤ ︽ᠪᠦᠬᠦ ᠰᠢᠶᠠᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠥᠪᠯᠡᠯ ᠵᠡᠷᠭᠡ 12 ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ︽ᠪᠦᠬᠦ ᠰᠢᠶᠠᠨ ᠤ ︽5·4︾ ᠤ ᠤᠯᠠᠭᠠᠨ ᠲᠤᠭᠴᠢ ᠡᠪᠯᠡᠯ ᠤᠨ ᠬᠤᠷᠢᠶ᠎ᠠ ︵ᠡᠪᠯᠡᠯ ᠤᠨ ᠡᠭᠦᠷ︶︾ ᠭᠡᠬᠦ ᠢᠷᠠᠭᠤ ᠠᠯᠳᠠᠷ ᠤᠨ ᠴᠣᠯᠠ ᠣᠯᠭᠤᠬᠤ ᠪᠠᠷ ᠲᠣᠭᠲᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1