ᠱᠤᠸᠠᠩ ᠾᠧ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠤᠷᠢᠶᠠᠯᠠᠯ ᠤᠨ ᠦᠮᠴᠢᠳᠡᠨ ᠤ ᠵᠥᠪᠯᠡᠯ ᠪᠠᠶᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/5/12
      ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠪᠡᠷ ᠲᠡᠭᠰᠢ᠂ ᠲᠠᠭᠠᠯᠠᠮᠵᠢᠲᠠᠢ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠣᠷᠢᠯᠭ᠎ᠠ ᠶᠢ ᠪᠡᠶᠡᠯᠡᠭᠦᠯᠬᠦ ᠶᠢᠨ ᠲᠥᠯᠥᠭᠡ᠂ ᠱᠤᠸᠠᠩ ᠾᠧ ᠪᠠᠯᠭᠠᠰᠤ ᠣᠯᠠᠨ ᠠᠷᠭ᠎ᠠ ᠬᠡᠮᠵᠢᠶ᠎ᠡ ᠪᠠᠷ ᠬᠤᠷᠢᠶᠠᠯᠠᠯ ᠤᠨ ᠥᠮᠴᠢᠲᠡᠨ ᠤ ᠵᠥᠪᠯᠡᠯ ᠪᠠᠶᠢᠭᠤᠯᠬᠤ ᠳᠤ ᠬᠦᠴᠦᠨ ᠨᠡᠮᠡᠷᠢᠯᠡᠪᠡ᠃      01 ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ      ᠥᠮᠴᠢᠲᠡᠨ ᠤ ᠵᠥᠪᠯᠡᠯ ᠢ ᠪᠠᠶᠢᠭᠤᠯᠬᠤ ᠳᠤ ᠬᠦᠴᠢᠷ ᠪᠠᠶᠢᠬᠤ ᠨᠢ ᠮᠠᠰᠢ ᠣᠯᠠᠨ ᠰᠠᠭᠤᠭᠠᠯᠢ ᠠᠷᠠᠳ ᠤᠨ ᠲᠣᠭᠤᠷᠢᠭ ᠤᠨ ᠳᠠᠪᠠᠵᠤ ᠳᠡᠶᠢᠯᠦᠰᠢ ᠦᠭᠡᠢ ︽ᠠᠷᠬᠠᠭ︾ ᠪᠣᠯᠣᠨ᠎ᠠ᠂ ᠱᠤᠸᠠᠩ ᠾᠧ ᠪᠠᠯᠭᠠᠰᠤᠨ ᠤ ᠬᠠᠷᠢᠶ᠎ᠠ ᠲᠣᠭᠤᠷᠢᠭ ᠤᠨ ᠳᠣᠲᠣᠷᠠᠬᠢ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠱᠤᠸᠠᠩ ᠾᠧ ᠪᠠᠯᠭᠠᠰᠤ ᠶᠢᠨ ᠬᠢᠨ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠠᠵᠢᠯ ᠢ ᠠᠬᠢᠭᠤᠯᠬᠤ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠡᠷᠡ ᠳᠠᠷᠤᠢ ᠳᠤᠨᠢ ︽ᠱᠤᠸᠠᠩ ᠾᠧ ᠪᠠᠯᠭᠠᠰᠤᠨ ᠤ ᠥᠮᠴᠢᠲᠡᠨ ᠤ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶ ᠤᠨ ᠪᠦᠬᠦᠨ ᠢ ᠬᠠᠮᠤᠷᠬᠤ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠪᠠᠯᠭᠠᠰᠤᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠳᠡᠳ᠋ ᠪᠠᠯᠭᠠᠰᠤᠨ ᠤ ᠳᠠᠷᠤᠭ᠎ᠠ ᠪᠠᠷ ᠠᠯᠪᠠᠨ ᠭᠡᠷ ᠤᠨ ᠡᠷᠬᠢᠯᠡᠭᠴᠢ ᠪᠣᠯᠭᠠᠭᠰᠠᠨ᠂ ᠬᠠᠷᠢᠶ᠎ᠠ ᠲᠣᠭᠤᠷᠢᠭ ᠤᠨ ᠳᠣᠲᠣᠷᠠᠬᠢ ᠵᠢᠵᠢᠭ ᠲᠣᠭᠤᠷᠢᠭ ᠲᠠᠢ 15 ᠨᠡᠶᠢᠭᠡᠮ ᠲᠣᠭᠤᠷᠢᠭ ︵ᠲᠣᠰᠬᠤᠨ︶ ᠤᠨ ᠱᠦᠵᠢ ᠪᠠᠷ ᠪᠦᠷᠢᠯᠳᠦᠭᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠵᠢᠵᠢᠭ ᠲᠣᠭᠤᠷᠢᠭ ᠨᠢᠭᠡᠪᠦᠷᠢ ᠶᠢᠨ ᠬᠡᠰᠡᠭ ᠲᠣᠭᠤᠷᠢᠭ ᠤᠨ ᠲᠤᠰᠬᠠᠢ ᠰᠦᠯᠵᠢᠶᠡᠨ ᠤ ᠠᠵᠢᠯᠲᠠᠨ ᠶᠣᠰᠣᠭᠠᠷ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠵᠣᠬᠢᠶᠠᠨ ᠪᠠᠶᠢᠭᠤᠯᠤᠯᠲᠠ ᠶᠢ ᠠᠬᠢᠭᠤᠯᠬᠤ ᠪᠠ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠭᠤᠯᠬᠤ ᠶᠢ ᠪᠡᠶᠡᠯᠡᠭᠦᠯᠪᠡ᠃02 ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ      ᠳᠤᠭᠤᠶᠢᠯᠠᠩ ᠤᠨ ᠬᠤᠯᠪᠣᠭ᠎ᠠ ᠠᠪᠬᠤ᠂ ᠰᠦᠯᠵᠢᠶᠡᠨ ᠭᠠᠳᠠᠨ᠎ᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶ ᠵᠡᠷᠭᠡ ᠪᠢᠴᠢᠭ ᠮᠠᠲ᠋ᠧᠷᠢᠶᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠥᠮᠴᠢᠲᠡᠨ ᠤ ᠵᠥᠪᠯᠡᠯ ᠪᠠᠶᠢᠭᠤᠯᠬᠤ ᠶᠢᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠴᠢᠩᠭᠠᠳᠬᠠᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠦᠵᠡᠭᠦᠯᠬᠦ ᠢᠳᠡᠪᠬᠢ ᠠᠴᠢ ᠬᠤᠯᠪᠣᠭᠳᠠᠯ ᠢ ᠤᠬᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠠᠵᠢᠯ ᠦᠢᠯᠡᠰ ᠤᠨ ᠵᠥᠪᠯᠡᠯ ᠪᠠᠶᠢᠭᠤᠯᠬᠤ ᠶᠢᠨ ᠢᠳᠡᠪᠬᠢ ᠦᠢᠯᠡᠳᠦᠯ ᠢ ᠨᠠᠷᠢᠨ ᠣᠶᠢᠯᠠᠭᠠᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ᠂ ᠡᠷᠦᠬᠡ ᠳᠠᠷᠠᠭᠠᠯᠠᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠳᠠᠯ ᠢ ᠨᠠᠷᠢᠨ ᠨᠢᠮᠪᠠᠢ ᠣᠶᠢᠯᠠᠭᠠᠨ ᠵᠢᠭᠰᠠᠭᠠᠵᠤ᠂ ᠥᠮᠴᠢᠲᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢ ᠬᠠᠯᠠᠮᠵᠢᠯᠠᠵᠤ ᠪᠠᠶᠢᠭ᠎ᠠ ᠢᠳᠡᠪᠬᠢᠲᠡᠨ ᠢ ᠢᠳᠡᠪᠬᠢᠲᠡᠢ ᠪᠠᠷ ᠠᠭᠤᠳᠠᠯᠵᠤ᠂ ᠬᠠᠷᠠᠮ ᠦᠭᠡᠢ ᠵᠢᠳᠬᠦᠬᠦ ᠳᠤᠷᠠᠲᠠᠢ᠂ ᠵᠣᠬᠢᠬᠤ ᠠᠵᠢᠯ ᠤᠨ ᠴᠢᠯᠦᠭᠡᠨ ᠤ ᠴᠠᠭ ᠲᠠᠢ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠷ ᠴᠢᠩᠭ᠎ᠠ᠂ ᠬᠦᠴᠦᠨ ᠴᠢᠳᠠᠯ ᠲᠡᠭᠦᠯᠳᠡᠷ ᠥᠮᠴᠢᠲᠡᠨ ᠢ ᠠᠯᠢ ᠴᠢᠳᠠᠬᠤ ᠪᠠᠷ ᠠᠵᠢᠯ ᠦᠢᠯᠡᠰ ᠤᠨ ᠵᠥᠪᠯᠡᠯ ᠤᠨ ᠪᠦᠷᠢᠯᠳᠦᠭᠦᠨ ᠤ ᠵᠢᠱᠢᠭᠳᠡᠭᠴᠢ ᠪᠠᠷ ᠦᠵᠡᠬᠦ ᠬᠡᠷᠡᠭᠲᠡᠢ᠃      03 ᠵᠢᠷᠤᠮᠵᠢᠭᠤᠯᠬᠤ ᠤᠬᠠᠮᠰᠠᠷ ᠢᠶᠠᠨ ᠴᠢᠩᠭᠠᠷᠠᠭᠤᠯᠵᠤ᠂ ᠵᠣᠬᠢᠶᠠᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ      ᠱᠤᠸᠠᠩ ᠾᠧ ᠪᠠᠯᠭᠠᠰᠤ ᠶᠢᠨ ︽ᠥᠮᠴᠢᠲᠡᠨ ᠤ ᠵᠥᠪᠯᠡᠯ ᠤᠨ ᠠᠵᠢᠯ ᠤᠨ ᠲᠥᠰᠥᠯ︾᠂ ︽ᠱᠤᠸᠠᠩ ᠾᠧ ᠪᠠᠯᠭᠠᠰᠤ ᠶᠢᠨ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠠᠷᠭ᠎ᠠ︾ ︵ᠲᠥᠰᠥᠯ︶ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠬᠤᠷᠠᠯ ᠤᠨ ᠡᠬᠢᠨ ᠤ ᠬᠤᠭᠤᠴᠠᠭᠠᠨ ᠳᠤ᠂ ᠥᠮᠴᠢᠲᠡᠨ ᠢ ᠰᠣᠩᠭᠤᠨ ᠳᠡᠪᠰᠢᠭᠦᠯᠬᠦ᠂ ᠥᠪᠡᠷ ᠢ ᠪᠠᠨ ᠲᠠᠨᠢᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠮᠴᠢᠲᠡᠨ ᠤ ᠵᠥᠪᠯᠡᠯ ᠤᠨ ᠪᠡᠯᠡᠳᠬᠡᠯ ᠳᠤᠭᠤᠶᠢᠯᠠᠩ ᠢ ᠪᠠᠶᠢᠭᠤᠯᠵᠤ᠂ ︽ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ︽ᠦᠮᠴᠢᠳᠠᠳ ᠤᠨ ᠶᠡᠭᠡ ᠬᠤᠷᠠᠯ ᠪᠠ ᠦᠮᠴᠢᠳᠠᠳ ᠤᠨ ᠵᠥᠪᠯᠡᠯ ᠤᠨ ᠵᠢᠯᠤᠭᠤᠳᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠡᠯᠡᠳᠬᠡᠯ ᠳᠤᠭᠤᠶᠢᠯᠠᠩ ᠤᠨ ᠪᠦᠷᠢᠯᠳᠦᠭᠦᠨ ᠵᠢᠴᠢ ᠡᠯ᠎ᠡ ᠵᠢᠵᠢᠭ ᠲᠣᠭᠤᠷᠢᠭ ᠤᠨ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ᠂ ᠵᠢᠵᠢᠭ ᠲᠣᠭᠤᠷᠢᠭ ᠲᠤ ᠢᠯᠡ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠥᠮᠴᠢᠲᠡᠨ ᠤ ᠰᠠᠨᠠᠯ ᠢ ᠬᠤᠷᠢᠶᠠᠵᠤ᠂ ᠵᠢᠩᠬᠢᠨᠢ ᠭᠡᠰᠢᠭᠦᠨ ᠤ ᠵᠢᠱᠢᠭᠳᠡᠭᠴᠢ ᠶᠢ ᠰᠣᠩᠭᠤᠨ ᠭᠠᠷᠭᠠᠵᠤ᠂ ᠨᠡᠷ᠎ᠡ ᠪᠠᠨ ᠲᠡᠮᠳᠡᠭᠯᠡᠵᠦ ᠪᠢᠯᠧᠲ ᠥᠭᠬᠦ ᠠᠷᠭ᠎ᠠ ᠮᠠᠶ᠋ᠢᠭ ᠢᠶᠠᠷ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠪᠦᠷᠢᠯᠳᠦᠭᠦᠨ ᠢ ᠰᠣᠩᠭᠤᠨ ᠭᠠᠷᠭᠠᠬᠤ ᠶᠢᠨ ᠬᠠᠮᠲᠤ ᠢᠯᠡ ᠨᠡᠶᠢᠳᠡᠯᠡᠪᠡ᠃      04 ᠮᠥᠷᠳᠡᠨ ᠵᠢᠯᠤᠭᠤᠳᠬᠤ ᠪᠠᠨ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠪᠠ      ᠥᠮᠴᠢᠲᠡᠨ ᠤ ᠵᠥᠪᠯᠡᠯ ᠨᠢ ᠠᠵᠢᠯ ᠤᠨ ᠮᠥᠷᠳᠡᠨ ᠵᠢᠯᠤᠭᠤᠳᠬᠤ ᠲᠣᠭᠲᠠᠴᠠ ᠶᠢ ᠪᠠᠶᠢᠭᠤᠯᠵᠤ᠂ ᠰᠤᠷᠪᠤᠯᠵᠢᠯᠠᠨ ᠣᠶᠢᠯᠠᠭᠠᠬᠤ᠂ ᠮᠥᠷᠳᠡᠨ ᠵᠢᠯᠤᠭᠤᠳᠬᠤ ᠵᠡᠷᠭᠡ ᠠᠷᠭ᠎ᠠ ᠮᠠᠶ᠋ᠢᠭ ᠢ ᠠᠪᠴᠤ᠂ ᠵᠣᠬᠢᠶᠠᠨ ᠪᠠᠶᠢᠭᠤᠯᠬᠤ ᠠᠵᠢᠯ ᠢ ᠵᠢᠷᠤᠮᠵᠢᠭᠤᠯᠤᠨ ᠵᠢᠯᠤᠭᠤᠳᠬᠤ᠂ ᠮᠥᠷᠳᠡᠨ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠵᠤ᠂ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠨᠢ ᠪᠠᠶᠢᠭᠤᠯᠤᠭᠳᠠᠭᠰᠠᠨ ᠤ ᠳᠠᠷᠠᠭ᠎ᠠ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠵᠢᠵᠢᠭ ᠲᠣᠭᠤᠷᠢᠭ ᠤᠨ ᠥᠪᠡᠷᠲᠡᠭᠡᠨ ᠵᠠᠰᠠᠬᠤ ᠬᠠᠮᠢᠶᠠᠷᠤᠯᠲᠠ ᠶᠢ ᠠᠬᠢᠭᠤᠯᠤᠨ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠡᠴᠦᠰ ᠤᠨ ︽ᠵᠠᠭᠤᠨ ᠮᠧᠲᠷ︾ ᠲᠤ ᠰᠠᠶᠢᠲᠤᠷ ᠦᠢᠯᠡᠴᠢᠯᠡᠨ᠎ᠡ᠃ ᠣᠲᠣ ᠪᠣᠯᠲᠠᠯ᠎ᠠ᠂ ᠱᠤᠸᠠᠩ ᠾᠧ ᠪᠠᠯᠭᠠᠰᠤᠨ ᠳᠤ ᠨᠡᠶᠢᠲᠡ 12 ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠢ ᠪᠠᠶᠢᠭᠤᠯᠪᠠ᠃      ᠳᠠᠷᠠᠭᠠᠴᠢ ᠶᠢᠨ ᠠᠯᠬᠤᠮ ᠳᠤ᠂ ᠱᠤᠸᠠᠩ ᠾᠧ ᠪᠠᠯᠭᠠᠰᠤ ᠶᠢᠨ ᠬᠢᠨ ᠡᠮᠦᠨᠡᠬᠢ ᠬᠤᠭᠤᠴᠠᠭᠠᠨ ᠤ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠠᠵᠢᠯ ᠤᠨ ᠲᠤᠷᠰᠢᠯᠭ᠎ᠠ᠂ ᠰᠢᠯᠢᠳᠡᠭ ᠠᠷᠭ᠎ᠠ ᠬᠢᠳᠡᠯ ᠢᠶᠠᠨ ᠦᠷᠭᠦᠯᠵᠢᠯᠡᠨ ᠳ᠋ᠦᠩᠨᠡᠵᠦ᠂ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠪᠠᠲᠤᠯᠠᠵᠤ᠂ ᠪᠦᠬᠦᠨ ᠢ ᠪᠦᠷᠬᠦᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠬᠠᠮᠲᠤ᠂ ᠱᠤᠸᠠᠩ ᠾᠧ ᠪᠠᠯᠭᠠᠰᠤ ᠶᠢᠨ ᠬᠢᠨ ᠢᠳᠡᠪᠬᠢᠲᠡᠢ ᠪᠠᠷ ᠬᠠᠪᠰᠤᠷᠤᠨ ᠵᠢᠯᠤᠭᠤᠳᠴᠤ᠂ ᠥᠮᠴᠢᠲᠡᠨ ᠤ ᠵᠥᠪᠯᠡᠯ ᠤᠨ ᠬᠡᠪ ᠤᠨ ᠶᠣᠰᠣᠭᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠠᠳᠠᠯ ᠠᠬᠤᠢ ᠶᠢᠨ ᠺᠣᠮᠫᠠᠨᠢ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠱᠠᠯᠠᠪᠳᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠣᠷᠣᠯᠴᠠᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠵᠢᠱᠢᠶ᠎ᠡ ᠦᠵᠡᠭᠦᠯᠬᠦ ᠬᠡᠪ ᠵᠠᠭᠪᠤᠷ ᠢ ᠪᠤᠢ ᠪᠣᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1