ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠷᠠᠭᠠᠯᠵᠠᠬᠤ ᠠᠵᠢᠯ ᠤᠨ ᠵᠥᠪᠯᠡᠯ ᠠᠩᠬᠠᠳᠤᠭᠠᠷ ᠬᠤᠭᠤᠴᠠᠭᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠢ ᠰᠣᠩᠭᠤᠨ ᠰᠢᠯᠵᠢᠭᠦᠯᠬᠦ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/5/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯᠲᠠᠨ ᠤ ᠬᠡᠦᠬᠡᠳ ᠬᠥᠮᠥᠵᠢᠭᠦᠯᠬᠦ ᠣᠶᠢᠯᠠᠭᠠᠭᠳᠠᠬᠤᠨ᠂ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ᠂ ᠭᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠷᠠᠭᠠᠯᠵᠠᠬᠤ ᠠᠵᠢᠯ ᠤᠨ ᠵᠥᠪᠯᠡᠯ᠂ ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ ᠤᠷᠢᠳ ᠬᠤᠵᠢᠳ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠠᠩᠬᠠᠳᠤᠭᠠᠷ ᠬᠤᠭᠤᠴᠠᠭᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠶᠠᠪᠤᠭᠤᠯᠪᠠ᠂ ᠲᠣᠰ ᠤᠳᠠᠭᠠᠨ ᠤ ᠰᠢᠯᠭᠠᠷᠠᠭᠤᠯᠤᠯᠲᠠ ᠶᠢᠨ ᠤᠷᠤᠯᠳᠤᠭᠠᠨ ᠢ ᠬᠡᠦᠬᠡᠳ ᠤᠨ ᠴᠡᠴᠡᠷᠯᠢᠭ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠨ᠎ᠠ᠃      ᠲᠤᠭᠳᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠲᠦᠭᠦᠷᠡᠲᠡᠯ᠎ᠡ ᠰᠠᠭᠤᠵᠤ᠂ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠤᠨᠢᠨ ᠳᠡᠭᠡᠷ᠎ᠡ ᠨᠢ ᠰᠡᠳᠦᠪ ᠢᠶᠠᠨ ᠰᠣᠩᠭᠤᠵᠤ᠂ ᠭᠦᠨ ᠰᠡᠳᠬᠢᠯᠭᠡ ᠲᠠᠢ ᠪᠠᠷ ᠲᠠᠶᠢᠯᠪᠤᠷᠢᠯᠠᠨ ᠶᠠᠷᠢᠵᠤ᠂ ᠡᠯ᠎ᠡ ᠰᠤᠷᠤᠯᠭ᠎ᠠ ᠶᠢᠨ ᠱᠠᠲᠤᠨ ᠤ ᠡᠯ᠎ᠡ ᠲᠠᠯ᠎ᠠ ᠠᠴᠠ ᠪᠢᠳᠡᠨ ᠳᠤ ᠨᠢᠭᠡ ᠤᠳᠠᠭᠠᠨ ᠤ ᠭᠡᠷ ᠪᠦᠯᠢ ᠶᠢᠨ ᠬᠥᠮᠦᠵᠢᠯ ᠤᠨ ᠦᠵᠡᠬᠦ ᠰᠣᠨᠣᠰᠬᠤ ᠰᠡᠷᠡᠯ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠪᠡ᠃ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠬᠥᠮᠦᠵᠢᠯ ᠤᠨ ᠣᠨᠣᠯ ᠤᠨ ᠰᠦᠪᠡᠭᠴᠢᠯᠡᠯᠲᠡ ᠪᠠᠶᠢᠬᠤ ᠮᠥᠷᠲᠡᠭᠡᠨ ᠪᠠᠰᠠ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠠᠬᠤᠢ ᠪᠠᠶᠢᠳᠠᠯ ᠤᠨ ᠤᠶᠠᠯᠳᠤᠯ᠂ ᠦᠢᠯᠡᠳᠦᠯᠭᠡ ᠶᠢᠨ ᠵᠢᠯᠣᠭᠤᠳᠤᠯᠭ᠎ᠠ ᠪᠠᠶᠢᠨ᠎ᠠ᠃ ᠰᠡᠳᠬᠢᠯ ᠵᠢᠷᠦᠬᠡᠨ ᠤ ᠦᠭᠡ ᠪᠦᠬᠦᠨ᠂ ᠰᠢᠨ᠎ᠡ ᠰᠣᠷᠭᠤᠭ ᠬᠡᠷᠡᠭ ᠤᠨ ᠵᠢᠱᠢᠶ᠎ᠡ᠂ ᠭᠤᠶᠢᠳᠠ ᠰᠠᠶᠢᠬᠠᠨ ᠳᠦᠷᠰᠦ ᠰᠢᠩᠭᠡᠭᠡᠯᠲᠡ ᠨᠦᠭᠦᠳ ᠨᠢ ᠭᠡᠷ ᠤᠨ ᠠᠬᠠᠮᠠᠳ ᠢ ᠡᠷᠳᠡᠨᠢ ᠣᠯᠣᠭᠰᠠᠨ ᠮᠡᠲᠦ ᠪᠣᠯᠭᠠᠵᠤ᠂ ᠢᠲᠡᠭᠡᠯ ᠵᠣᠷᠢᠭ ᠢ ᠨᠢ ᠲᠠᠬᠢᠨ ᠣᠯᠵᠤ᠂ ᠲᠠᠰᠤᠷᠠᠯᠳᠡ ᠦᠭᠡᠢ ᠡᠷᠭᠢᠴᠡᠭᠦᠯᠦᠨ ᠪᠣᠳᠣᠯᠬᠢᠯᠠᠵᠤ᠂ ᠲᠠᠰᠤᠷᠠᠯᠳᠡ ᠦᠭᠡᠢ ᠬᠠᠯᠠᠨ ᠰᠠᠶᠢᠵᠢᠷᠠᠭᠤᠯᠪᠠ᠃      ᠲᠣᠰ ᠤᠳᠠᠭᠠᠨ ᠤ ᠰᠢᠯᠭᠠᠷᠠᠭᠤᠯᠬᠤ ᠤᠷᠤᠯᠳᠤᠭᠠᠨ ᠳᠤ ᠨᠠᠩ ᠲᠤᠰᠬᠠᠢ ᠮᠡᠷᠭᠡᠵᠢᠯ ᠤᠨ᠂ ᠨᠠᠩ ᠲᠥᠪ ᠭᠤᠣᠯᠴᠢ ᠪᠠᠶᠢᠬᠤ ᠶᠢᠨ ᠲᠥᠯᠥᠭᠡ᠂ ᠡᠯ᠎ᠡ ᠳᠤᠭᠤᠶᠢᠯᠠᠩ ᠤᠨ ᠤᠷᠢᠭᠰᠠᠨ ᠰᠢᠯᠭᠠᠷᠠᠭᠤᠯᠬᠤ ᠺᠣᠮᠢᠰ ᠤᠨ ᠪᠠᠭᠰᠢ ᠨᠢ ᠴᠥᠮ ᠠᠳᠠᠯᠢ ᠦᠭᠡᠢ ᠪᠠᠶᠢᠳᠠᠭ᠃ ᠰᠢᠯᠭᠠᠷᠠᠭᠤᠯᠬᠤ ᠺᠣᠮᠢᠰ ᠤᠨ ᠪᠠᠭᠰᠢ ᠨᠠᠷ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠶᠡᠷᠦ ᠨᠢ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠤᠷᠢᠳᠴᠢᠯᠠᠨ ᠢᠷᠡᠵᠦ᠂ ᠰᠢᠯᠭᠠᠷᠠᠭᠤᠯᠬᠤ ᠠᠵᠢᠯ ᠳᠤ ᠴᠠᠭ ᠲᠠᠭᠠᠨ ᠣᠷᠣᠯᠴᠠᠳᠠᠭ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1