ᠲᠣᠭᠲᠠᠬᠤ ᠰᠢᠶᠠᠨ ᠤ 2022 ᠣᠨ ᠤ ︽ᠰᠢᠯᠢᠳᠡᠭ ᠰᠦᠯᠵᠢᠶᠡᠨ ᠤ ᠠᠵᠢᠯᠲᠠᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠦᠯᠵᠢᠶᠡᠨ ᠤ ᠠᠵᠢᠯᠲᠠᠨ ᠤ ᠠᠵᠢᠯ ᠳᠤ ᠣᠷᠣᠬᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/15
      5 ᠳ᠋ᠤᠭᠠᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ 2022 ᠣᠨ ᠤ ︽ᠰᠢᠯᠢᠳᠡᠭ ᠰᠦᠯᠵᠢᠶᠡᠨ ᠤ ᠠᠵᠢᠯᠲᠠᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠦᠯᠵᠢᠶᠡᠨ ᠤ ᠠᠵᠢᠯᠲᠠᠨ ᠤ ᠠᠵᠢᠯ ᠳᠤ ᠣᠷᠣᠬᠤ ᠪᠣᠯᠪᠠᠰᠤᠷᠠᠭᠤᠯᠤᠯ ᠤᠨ ᠬᠤᠷᠠᠯ ᠶᠦᠨ ᠵᠥᠩ ᠰᠣᠶᠣᠯ ᠤᠨ ᠣᠷᠳᠣᠨ ᠳᠤ ᠬᠤᠷᠠᠯᠳᠤᠵᠤ᠂ 52 ᠰᠦᠯᠵᠢᠶᠡᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃      ᠬᠤᠷᠠᠯ ᠠᠴᠠ᠂ ᠣᠶᠢᠷ᠎ᠠ ᠶᠢᠨ ᠵᠢᠯ ᠠᠴᠠ᠂ ᠮᠠᠨ ᠤ ᠰᠢᠶᠠᠨ ᠲᠣᠣᠷᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠠᠮᠤᠷ ᠠᠮᠤᠭᠤᠯᠠᠩ ᠲᠣᠭᠲᠠᠬᠤ︾ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠪᠠᠭ᠎ᠠ ᠲᠣᠣᠷᠵᠢᠯ︾ ᠢᠶᠠᠷ ᠦᠨᠳᠦᠰᠦᠨ ᠱᠠᠲᠤᠨ ᠤ ᠵᠠᠰᠠᠯᠲᠠ ᠶᠢᠨ︽ᠶᠡᠭᠡ ᠪᠠᠶᠢᠷᠢᠰᠢᠯ︾ ᠢ ᠠᠬᠢᠭᠤᠯᠵᠤ᠂ ᠰᠠᠭᠤᠭᠠᠯᠢ ᠠᠷᠠᠳ ᠤᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠨᠡᠯᠢᠶᠡᠳ ᠰᠠᠶᠢᠨ ᠠᠵᠢᠯ ᠤᠨ ᠦᠷ᠎ᠡ ᠪᠦᠲᠦᠮᠵᠢ ᠣᠯᠵᠤ᠂ ᠨᠢᠭᠡ ᠪᠦᠯᠦᠭ ᠰᠢᠯᠢᠳᠡᠭ ᠰᠦᠯᠵᠢᠶᠡᠨ ᠤ ᠠᠵᠢᠯᠲᠠᠨ ᠴᠣᠯᠭᠤᠷᠠᠨ ᠭᠠᠷᠴᠠᠢ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠢᠱᠢᠶ᠎ᠡ ᠦᠵᠡᠭᠦᠯᠬᠦ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠰᠦᠯᠵᠢᠶᠡᠨ ᠤ ᠠᠵᠢᠯᠲᠠᠳ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠰᠤᠷᠤᠯᠴᠠᠬᠤ ᠳᠤᠮᠳᠠ ᠪᠠᠨ ᠠᠵᠢᠯᠯᠠᠵᠤ᠂ ᠺᠠᠳ᠋ᠷ ᠤᠨ ᠳᠤᠮᠳᠠ ᠪᠠᠨ ᠰᠤᠷᠤᠯᠴᠠᠵᠤ᠂ ᠥᠪᠡᠷ ᠤᠨ ᠴᠢᠳᠠᠪᠤᠷᠢ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠰᠦᠯᠵᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠥᠬᠢᠭᠦᠯᠦᠨ ᠰᠠᠶᠢᠰᠢᠶᠠᠬᠤ ᠬᠤᠷᠠᠯ ᠲᠡᠭᠦᠰᠦᠭᠰᠡᠨ ᠤ ᠳᠠᠷᠠᠭ᠎ᠠ ᠪᠠᠰᠠ ᠪᠦᠬᠦ ᠰᠢᠶᠠᠨ ᠤ ᠰᠦᠯᠵᠢᠶᠡᠨ ᠤ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠪᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1