ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ ᠪᠦᠬᠦ ᠤᠯᠤᠰ ᠤᠨ 15 ᠳ᠋ᠤᠭᠠᠷ ᠤᠳᠠᠭᠠᠨ ᠤ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ᠡᠨᠡ ᠡᠳᠦᠷ᠂ ᠲᠣᠭᠲᠠᠬᠤ ᠰᠢᠶᠠᠨ ᠤ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠲᠣᠭᠲᠠᠬᠤ | ᠰᠣᠶᠣᠯ ᠤᠨ ᠠᠭᠤᠳᠠᠮ ᠲᠠᠯᠠᠪᠠᠢ ᠳᠤ ︽ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠴᠢᠨᠠᠷ ᠰᠠᠶᠢᠲᠠᠢ | ᠬᠥᠭᠵᠢᠯᠲᠡ ᠶᠢ ᠬᠠᠮᠠᠭᠠᠯᠠᠶ᠎ᠠ︾ ᠪᠠᠷ ᠭᠤᠣᠯ ᠰᠡᠳᠦᠪ ᠪᠣᠯᠭᠠᠭᠰᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠮᠥᠨ ᠤᠯᠠᠨ ᠴᠤᠭᠯᠠᠷᠠᠵᠤ᠂ ᠬᠦᠷ ᠬᠥᠭᠵᠢᠶᠡᠨ ᠢᠶᠠᠷ | ᠪᠢᠯᠬᠠᠨ᠎ᠠ᠃ ᠤᠯᠠᠨ ᠲᠦᠮᠡᠨ ᠤ ᠬᠠᠯᠠᠭᠤᠨ ᠰᠡᠳᠬᠢᠯᠭᠡ ᠣᠷᠭᠢᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠯᠠᠪᠯᠠᠨ ᠠᠰᠠᠭᠤᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠤᠬᠠᠭᠤᠯᠭ᠎ᠠ ᠶᠢᠨ ᠠᠬᠤᠢ ᠲᠠᠯᠠᠪᠠᠢ ᠳᠤ᠂ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ ᠢᠷᠡᠭᠰᠡᠨ ᠵᠠᠭᠤ ᠭᠠᠷᠤᠢ ᠰᠤᠷᠤᠭᠴᠢ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ ᠦᠵᠡᠭᠦᠯᠦᠯᠭᠡ ᠶᠢᠨ ᠰᠠᠮᠪᠠᠷ᠎ᠠ ᠶᠢ ᠰᠣᠨᠢᠷᠬᠠᠬᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠲᠠᠶᠢᠯᠪᠤᠷᠢᠯᠠᠯᠲᠠ ᠶᠢ ᠰᠣᠨᠢᠷᠬᠠᠬᠤ ᠪᠠᠷ ᠳᠠᠮᠵᠢᠨ ᠮᠡᠳᠡᠯᠭᠡ ᠪᠠᠨ ᠨᠡᠮᠡᠭᠳᠡᠭᠦᠯᠬᠦ᠂ ᠡᠷᠳᠡᠮ ᠮᠡᠳᠡᠯᠭᠡ ᠪᠠᠨ ᠨᠡᠮᠡᠭᠳᠡᠭᠦᠯᠬᠦ᠂ | ᠤᠷ᠎ᠠ ᠴᠢᠳᠠᠪᠤᠷᠢ ᠪᠠᠨ ᠴᠢᠩᠭᠠᠳᠬᠠᠬᠤ ᠪᠠᠷ ᠲᠠᠮᠵᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠦᠢᠯᠡᠳᠦᠯᠭᠡ ᠶᠢᠨ ᠠᠮᠢᠳᠤᠯᠢᠭ ᠬᠢᠴᠢᠶᠡᠯ ᠣᠷᠣᠵᠠᠢ᠃ | ︽ᠡᠨᠡ ᠵᠢᠯ ᠪᠣᠯ ᠮᠠᠨ ᠤ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠷᠪᠠᠨ | ᠲᠠᠪᠤᠳᠠᠭᠢ ᠡᠳᠦᠷ ᠮᠥᠨ᠂ ᠤᠬᠠᠭᠤᠯᠭ᠎ᠠ ᠪᠠᠷ ᠳᠠᠮᠵᠢᠭᠤᠯᠤᠨ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ | ᠢ ᠪᠠᠭᠠᠰᠬᠠᠬᠤ ᠤᠬᠠᠮᠰᠠᠷ ᠢ ᠴᠢᠩᠭᠠᠷᠠᠭᠤᠯᠵᠤ᠂ ᠡᠯ᠎ᠡ ᠱᠠᠲᠤᠨ ᠤ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ ᠴᠢᠳᠠᠨ᠎ᠠ︾ ᠭᠡᠵᠦ ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠬᠠᠷᠢᠭᠤᠴᠠᠯᠭᠠᠲᠠᠨ ᠵᠠᠩ ᠮᠢᠨ ᠲᠠᠨᠢᠯᠴᠠᠭᠤᠯᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 1000 ᠬᠠᠶᠢᠷᠴᠠᠭ | ᠤᠬᠠᠭᠤᠯᠭ᠎ᠠ ᠶᠢᠨ ᠬᠠᠭᠤᠳᠠᠰᠦ᠂ 1000 ᠭᠠᠷ ᠤᠭᠤᠲᠠ᠂ 5000 ᠭᠠᠷᠤᠢ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠠᠢ᠃ ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠮᠰᠢᠭ | ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠠᠩᠬᠠᠷᠤᠯ ᠢ ᠤᠯᠠᠮ ᠨᠢᠭᠡ ᠠᠯᠬᠤᠮ ᠲᠠᠲᠠᠵᠤ᠂ ᠪᠥᠬᠦ | ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠪᠣᠯᠣᠨ ᠭᠠᠮᠰᠢᠭ ᠠᠴᠠ ᠵᠠᠶᠢᠯᠠᠵᠤ ᠥᠪᠡᠷ | ᠢ ᠪᠠᠨ ᠠᠪᠤᠷᠠᠬᠤ ᠤᠷ᠎ᠠ ᠴᠢᠳᠠᠪᠤᠷᠢ ᠶᠢ ᠲᠦᠭᠡᠮᠡᠯᠵᠢᠭᠦᠯᠦᠨ ᠳᠡᠯᠭᠡᠷᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |