ᠲᠣᠭᠲᠠᠬᠤ ᠰᠢᠶᠠᠨ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠦ ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 12 ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠣᠭᠲᠠᠬᠤ ᠰᠣᠶᠣᠯ ᠤᠨ  ᠲᠠᠯᠠᠪᠠᠢ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠪᠠᠷ ᠭᠤᠣᠯ ᠰᠡᠳᠦᠪ ᠪᠣᠯᠭᠠᠭᠰᠠᠨ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠡᠢ᠃ ᠪᠦᠬᠦ ᠰᠢᠶᠠᠨ ᠤ ᠡᠯ᠎ᠡ ᠦᠨᠳᠦᠰᠦᠲᠡᠨ ᠤ ᠨᠠᠮ ᠤᠨ ᠬᠤᠷᠢᠶ᠎ᠠ ᠶᠢᠨ ᠪᠦᠷᠢᠯᠳᠦᠭᠦᠨ ᠨᠢᠭᠡᠴᠡ ᠶᠢᠨ ᠺᠠᠳ᠋ᠷ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ 3000 ᠭᠠᠷᠤᠢ ᠬᠥᠮᠥᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠤᠬᠠᠭᠤᠯᠤᠨ ᠰᠣᠯᠢᠯᠴᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠨᠢᠭᠲᠠᠷᠠᠭᠤᠯᠪᠠ᠃
     ︽ᠪᠢᠳᠡ ᠡᠨᠡ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠮᠠᠨ ᠤ ᠲᠣᠭᠲᠠᠬᠤ ᠬᠦᠴᠦᠨ ᠢᠶᠠᠨ ᠡᠷᠭᠦᠬᠦ ᠶᠢ ᠬᠦᠰᠡᠵᠦ ᠪᠠᠶᠢᠨ᠎ᠠ︾ ᠭᠡᠵᠦ ᠲᠣᠭᠲᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠵᠠᠩ ᠭᠦᠸᠧ ᠵᠢᠶᠦ᠋ᠨ ᠬᠡᠯᠡᠪᠡ᠃
     ᠣᠶᠢᠯᠠᠭᠠᠭᠰᠠᠨ ᠢᠶᠠᠷ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠬᠤᠭᠤᠴᠠᠭᠠᠨ ᠳᠤ ᠪᠦᠬᠦ ᠰᠢᠶᠠᠨ ᠢᠶᠠᠷ ᠢᠶᠠᠨ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ︽8+1 ᠪᠠᠷ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠰ ᠳᠠᠪᠬᠤᠷᠭ᠎ᠠ ᠬᠤᠪᠢᠶᠠᠬᠤ᠂ ᠪᠦᠬᠦᠨ ᠢ ᠪᠦᠷᠬᠦᠭᠦᠯᠬᠦ ᠪᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠢᠯᠡ ᠲᠥᠷᠥᠭᠳᠡᠯ ᠲᠠᠢ ᠪᠦᠲᠦᠮᠵᠢᠲᠡᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠠᠯᠬᠤᠮ ᠢ ᠡᠬᠢᠯᠡᠭᠦᠯᠦᠨ᠎ᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1