ᠲᠣᠭᠲᠠᠬᠤ ᠰᠢᠶᠠᠨ ᠤ ᠰᠢᠷ᠎ᠠ ᠤᠰᠤ ᠲᠣᠰᠬᠤᠨ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠶᠢ ᠪᠣᠳᠠᠲᠠᠢ ᠳᠤ  ᠨᠠᠶᠢᠳᠠᠪᠦᠷᠢᠵᠢᠭᠤᠯᠪᠠ
ᠨᠡᠶᠢᠲᠡᠯᠡᠭᠰᠡᠨ ᠴᠠᠭ᠄
2023/5/15
      ᠬᠥᠬᠡᠬᠤᠲᠠ ᠶᠢᠨ ᠲᠣᠭᠲᠠᠬᠤ ᠰᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠬᠦᠴᠢᠷ ᠶᠠᠪᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠲᠠᠯᠠᠪᠤᠷ ᠤᠨ ᠬᠡᠯᠪᠡᠷᠢ ᠪᠠᠷ ᠬᠡᠷᠡᠭᠴᠡᠭᠡ ᠶᠢ ᠠᠰᠠᠭᠤᠬᠤ᠂ ᠡᠬᠡ ᠲᠠᠩᠰᠠ ᠶᠢᠨ ᠬᠡᠯᠪᠡᠷᠢ ᠪᠠᠷ ᠠᠬᠢᠭᠤᠯᠬᠤ᠂ ᠬᠤᠯᠪᠤᠭᠠᠯᠠᠨ ᠬᠥᠳᠡᠯᠦᠯᠴᠡᠬᠦ ᠬᠡᠯᠪᠡᠷᠢ ᠪᠠᠷ ᠰᠢᠢᠳᠪᠦᠷᠢᠯᠡᠵᠦ ᠳᠠᠭᠤᠰᠬᠠᠬᠤ ᠪᠠᠷ ᠳᠠᠮᠵᠢᠭᠤᠯᠵᠤ᠂ ᠲᠠᠪᠢᠨ ᠭᠡᠷ ᠪᠠᠯᠭᠠᠰᠤ ᠶᠢᠨ ᠰᠢᠷ᠎ᠠ ᠤᠰᠤ ᠲᠣᠰᠬᠤᠨ ᠳᠤ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠴᠡᠴᠡᠭᠯᠡᠭᠦᠯᠪᠡ᠃      ᠰᠢᠷ᠎ᠠ ᠤᠰᠤ ᠲᠣᠰᠬᠤᠨ ᠤ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ᠂ ᠲᠠᠪᠢᠨ ᠭᠡᠷ ᠪᠠᠯᠭᠠᠰᠤ ᠶᠢᠨ ᠲᠣᠰᠬᠤᠨ ᠲᠠᠭᠠᠭᠠᠴᠢᠯᠠᠭᠰᠠᠨ ᠺᠠᠳ᠋ᠷ ᠨᠠᠮ ᠤᠨ ᠡᠭᠦᠷ ᠤᠨ ᠱᠦᠵᠢ᠂ ︽ᠬᠤᠶᠠᠷ ᠵᠥᠪᠯᠡᠯ ︾ ᠤᠨ ᠪᠦᠷᠢᠯᠳᠦᠭᠦᠨ ᠵᠢᠴᠢ ᠲᠣᠰᠬᠤᠨ ᠳᠤ ᠰᠠᠭᠤᠭ᠎ᠠ ᠺᠠᠳ᠋ᠷ ᠢ ᠳᠠᠭᠠᠭᠤᠯᠤᠨ ᠲᠣᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ‍ ᠨᠢᠭᠡ ᠬᠤᠪᠢ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠡᠮᠬᠢᠯᠡᠵᠦ ᠬᠤᠷᠢᠶᠠᠩᠭᠤᠶᠢᠯᠠᠨ ᠭᠠᠷᠭᠠᠪᠠ᠃ ᠡᠨᠡ ᠰᠠᠭᠤᠷᠢᠨ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠣᠭᠤᠷᠢᠨ ᠳᠤ ᠰᠢᠷ᠎ᠠ ᠤᠰᠤ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠪᠠ᠃ ᠡᠭᠦᠨ ᠤ ᠬᠠᠮᠲᠤ ᠶᠠᠷᠢᠯᠴᠠᠬᠤ ᠬᠤᠷᠠᠯ ᠬᠢᠵᠦ᠂ ᠪᠠᠯᠭᠠᠰᠤ᠂ ᠲᠣᠰᠬᠤᠨ ᠤ ᠬᠠᠷᠢᠭᠤᠴᠠᠯᠭᠠᠲᠠᠨ ᠲᠠᠢ ᠨᠠᠷᠢᠨ ᠲᠠᠩᠰᠠᠨ ᠳᠠᠬᠢ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠣᠯᠣᠮᠵᠢᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠭᠦᠢᠴᠡᠳ ᠰᠤᠳᠤᠯᠤᠨ ᠶᠠᠷᠢᠯᠴᠠᠵᠤ᠂ ᠬᠠᠮᠤᠭ ᠡᠴᠦᠰ ᠲᠤ ᠬᠤᠭᠤᠯᠠ ᠤᠮᠳᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠠᠵᠠᠷ ᠭᠠᠷᠭᠠᠬᠤ᠂ ᠵᠠᠮ ᠵᠠᠰᠠᠬᠤ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠥᠬᠦᠭᠡᠷᠦᠮᠵᠢ ᠨᠡᠮᠡᠬᠦ ᠵᠡᠷᠭᠡ ᠶᠢ ᠪᠠᠭᠲᠠᠭᠠᠭᠰᠠᠨ 12 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠣᠭᠲᠠᠭᠠᠵᠠᠢ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠪᠠᠯᠭᠠᠰᠤ ᠲᠣᠰᠬᠤᠨ ᠤ ︽ᠬᠥᠨᠳᠡᠯᠡᠨ︾ ᠢᠶᠠᠷ ᠬᠤᠯᠪᠣᠯᠳᠤᠨ ᠠᠬᠢᠭᠤᠯᠬᠤ ᠶᠢ ᠬᠡᠷᠡᠭᠵᠢᠭᠦᠯᠪᠡ᠃ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠤᠣᠯ ᠬᠦᠴᠦᠨ ᠮᠥᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠣᠯᠬᠤ᠂ ᠡᠬᠢ ᠪᠠᠶᠠᠯᠢᠭ ᠢ ᠠᠰᠢᠭᠯᠠᠬᠤ᠂ ᠠᠷᠭ᠎ᠠ ᠵᠠᠮ ᠢ ᠨᠡᠪᠲᠡᠷᠡᠭᠦᠯᠬᠦ᠂ ᠬᠦᠯᠢᠶᠡᠨ ᠠᠪᠤᠭᠰᠠᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠪᠠᠯᠭᠠᠰᠤᠨ ᠤ ᠺᠠᠳ᠋ᠷ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠰᠢᠷ᠎ᠠ ᠤᠰᠤ ᠲᠣᠰᠬᠤᠨ ᠯᠤᠭ᠎ᠠ ᠶᠢᠨ ᠣᠯᠣᠯᠴᠠᠭ᠎ᠠ ᠪᠠᠨ ᠴᠢᠩᠭᠠᠳᠬᠠᠬᠤ ᠶᠢ ᠬᠠᠷᠢᠭᠤᠴᠠᠵᠤ  ᠠᠰᠠᠭᠤᠳᠠᠯ ᠪᠣᠯᠣᠨ ᠠᠬᠢᠴᠠ ᠶᠢ ᠴᠠᠭ ᠲᠤᠬᠠᠢ ᠳᠤᠨᠢ ᠬᠤᠶᠠᠷ ᠲᠠᠯ᠎ᠠ ᠳᠤ ᠬᠠᠷᠢᠭᠤ ᠲᠤᠰᠬᠠᠵᠤ᠂ ᠬᠦᠴᠦᠲᠡᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠷ ᠪᠣᠳᠠᠲᠤ ᠶᠠᠪᠤᠳᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠰᠢᠷ᠎ᠠ ᠤᠰᠤ ᠲᠣᠰᠬᠤᠨ ᠪᠣᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠭᠤᠣᠯ ᠲᠣᠭᠯᠠᠭᠴᠢ ᠮᠥᠨ᠂ ᠬᠠᠶᠢᠷᠠᠯᠠᠨ ᠬᠠᠮᠠᠭᠠᠯᠠᠬᠤ ᠪᠠ ᠠᠰᠢᠭᠯᠠᠬᠤ ᠶᠢ ᠵᠡᠷᠭᠡᠪᠡᠷ ᠴᠢᠬᠤᠯᠠᠴᠢᠯᠠᠵᠤ᠂ ᠠᠷᠠᠳ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠬᠥᠨᠳᠡᠯᠡᠨ ᠢᠶᠠᠷ ᠬᠠᠷᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ᠂ ᠲᠦᠭᠵᠢᠷᠡᠯ ᠢ ᠨᠠᠪᠲᠠᠷᠡᠭᠦᠯᠵᠦ᠂ ᠬᠠᠷᠢᠯᠴᠠᠨ ᠬᠠᠮᠵᠢᠯᠴᠠᠵᠤ᠂ ᠪᠣᠳᠠᠲᠠᠢ ᠶᠠᠪᠤᠳᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠵᠠᠢ᠃ ᠣᠲᠣ ᠪᠣᠯᠲᠠᠯ᠎ᠠ᠂ ᠠᠷᠠᠳ ᠤᠨ ᠠᠮᠢᠳᠤᠷᠠᠯ ᠤᠨ 3 ᠵᠦᠢᠯ ᠤᠨ ᠪᠣᠳᠠᠲᠤ ᠶᠠᠪᠤᠳᠠᠯ ᠢ ᠨᠢᠭᠡᠨᠲᠡ ᠰᠢᠢᠳᠪᠦᠷᠢᠯᠡᠵᠦ ᠳᠠᠭᠤᠰᠬᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1