ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠤᠱᠯᠠᠭᠤᠯᠵᠤ᠂ ᠡᠮᠡᠭᠲᠡᠶᠢᠴᠦᠳ ᠤᠨ ᠬᠠᠤᠯᠢᠵᠢᠯ ᠤᠨ ᠦᠵᠡᠯᠲᠡ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠥᠷᠭᠡᠨ ᠤᠯᠠᠨ ᠬᠥᠳᠡᠭᠡ ᠲᠣᠰᠬᠤᠨ ᠤ ᠡᠮᠡᠭᠲᠡᠶᠢᠴᠦᠳ ᠤᠨ | ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ | 5 ᠳ᠋ᠤᠭᠠᠷ ᠰᠠᠷ᠎ᠠ ᠶᠢᠨ 10 ᠤ ᠡᠳᠦᠷ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠲᠠᠪᠢᠨ | ᠭᠡᠷ ᠪᠠᠯᠭᠠᠰᠤ ᠶᠢᠨ ᠰᠢᠷ᠎ᠠ ᠤᠰᠤ ᠲᠣᠰᠬᠤᠨ ᠳᠤ ᠭᠦᠨᠵᠡᠭᠡᠶᠢᠷᠡᠨ ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠵᠡᠢ᠃ | | | | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠳᠡᠭᠡ ᠲᠣᠰᠬᠤᠨ ᠳᠤ ᠤᠯᠠᠮᠵᠢᠯᠠᠵᠤ᠂ | ᠦᠨᠳᠦᠰᠦᠨ ᠱᠠᠲᠤᠨ ᠤ ᠡᠮᠡᠭᠲᠡᠶᠢᠴᠦᠳ ᠤᠯᠠᠨ ᠲᠦᠮᠡᠨ ᠳᠤ ᠤᠯᠠᠮᠵᠢᠯᠠᠬᠤ ᠶᠢᠨ ᠲᠥᠯᠥᠭᠡ᠂ ᠰᠢᠶᠠᠨ ᠤ | ᠡᠮᠡᠭᠲᠡᠶᠢᠴᠦᠳ ᠤᠨ ᠬᠤᠯᠪᠣᠭ᠎ᠠ ᠰᠢᠷ᠎ᠠ ᠤᠰᠤ ᠲᠣᠰᠬᠤᠨ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ᠃ ᠬᠤᠷᠠᠯ ᠳᠡᠭᠡᠷ᠎ᠡ᠂ ᠰᠢᠶᠠᠨ ᠤ | ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ | ᠡᠮᠡᠭᠲᠡᠶᠢᠴᠦᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠡᠮᠡᠭᠲᠡᠶᠢᠴᠦᠳ ᠤᠨ | ᠬᠤᠯᠪᠣᠭ᠎ᠠ ᠶᠢᠨ ᠠᠵᠢᠯ᠂ ᠭᠡᠷ ᠪᠦᠯᠢ ᠶᠢᠨ ᠰᠤᠷᠲᠠᠯ ᠤᠨ ᠪᠠᠶᠢᠭᠤᠯᠤᠯᠲᠠ ᠳᠤ ᠦᠵᠡᠭᠦᠯᠬᠦ ᠴᠢᠬᠤᠯᠠ ᠵᠢᠯᠤᠭᠤᠳᠬᠤ | ᠠᠴᠢ ᠬᠤᠯᠪᠣᠭᠳᠠᠯ ᠢ ᠨᠡᠩ ᠰᠢᠭᠤᠳ ᠨᠡᠩ ᠭᠦᠨᠵᠡᠭᠡᠢ ᠣᠶᠢᠯᠠᠭᠠᠭᠤᠯᠪᠠ᠃ ᠲᠤᠰ ᠤᠳᠠᠭ᠎ᠠ ᠶᠢᠨ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠨᠢ ᠥᠷᠭᠡᠨ ᠤᠯᠠᠨ ᠡᠮᠡᠭᠲᠡᠶᠢᠴᠦᠳ ᠲᠤ ᠨᠠᠮ ᠤᠨ ᠰᠢᠨ᠎ᠡ ᠣᠶᠢᠯᠠᠭᠠᠭᠳᠠᠬᠤᠨ ᠢ | ᠬᠦᠷᠭᠡᠵᠦ᠂ ᠤᠯᠠᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠨᠡᠩ | ᠭᠦᠨ ᠳᠠᠪᠬᠤᠷᠭ᠎ᠠ ᠠᠴᠠ ᠣᠶᠢᠯᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠳᠤ | ︽ᠬᠠᠭᠠᠰ ᠲᠡᠭᠷᠢ︾ ᠶᠢᠨ ᠬᠦᠴᠦᠨ ᠢ ᠭᠦᠢᠴᠡᠳ ᠨᠢᠭᠲᠠᠷᠠᠭᠤᠯᠵᠠᠢ᠃ | | | | | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠶᠢ | ᠮᠡᠳᠡᠬᠦ᠂ ᠬᠠᠤᠯᠢ ᠶᠢ ᠰᠠᠬᠢᠬᠤ᠂ ᠬᠠᠤᠯᠢ ᠴᠠᠭᠠᠵᠠ ᠶᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠡᠮᠡᠭᠲᠡᠶᠢᠴᠦᠳ ᠤᠨ | ᠬᠤᠯᠪᠣᠭ᠎ᠠ ᠠᠴᠠ ᠥᠪᠥᠷ ᠮᠣᠩᠭᠤᠯ ᠤᠨ ᠵᠥᠩ ᡁᠢ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠰᠢᠦᠢ ᠯᠢ | ᠬᠤᠸᠠ ᠬᠠᠤᠯᠢᠴᠢ ᠶᠢ ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠪᠠ ︽ᠢᠷᠭᠡᠨ ᠤ ᠬᠠᠤᠯᠢ ᠶᠢᠨ | ᠪᠢᠴᠢᠭ︾ ᠤᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠬᠢᠯᠭᠡᠪᠡ᠃ ᠲᠠᠶᠢᠯᠤᠮᠵᠢ ᠶᠢᠨ ᠳᠤᠮᠳᠠ ᠰᠢᠦᠢ ᠬᠠᠤᠯᠢᠴᠢ ︽ | ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠳᠤ ᠡᠮᠡᠭᠲᠡᠶᠢᠴᠦᠳ ᠤᠨ ᠡᠳ᠋ᠯᠡᠬᠦ ᠤᠯᠤᠰ ᠲᠦᠷᠦ ᠶᠢᠨ | ᠡᠷᠬᠡ᠂ ᠰᠣᠶᠣᠯ ᠰᠤᠷᠭᠠᠨ ᠬᠥᠮᠦᠵᠢᠯ ᠤᠨ ᠡᠷᠬᠡ ᠠᠰᠢᠭ᠂ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ | ᠠᠰᠢᠭ᠂ ᠡᠳ᠋ ᠬᠥᠷᠥᠩᠭᠡ ᠶᠢᠨ ᠡᠷᠬᠡ ᠠᠰᠢᠭ᠂ ᠬᠥᠮᠥᠨ ᠤ ᠪᠡᠶ᠎ᠡ ᠶᠢᠨ ᠡᠷᠬᠡ ᠠᠰᠢᠭ ᠪᠠ ᠤᠷᠤᠭ ᠭᠡᠷ ᠪᠦᠯᠢ ᠶᠢᠨ | ᠡᠷᠬᠡ ᠠᠰᠢᠭ ᠵᠡᠷᠭᠡ ᠵᠢᠷᠭᠤᠭᠠᠨ ᠶᠡᠭᠡ ᠡᠷᠬᠡ ᠠᠰᠢᠭ ᠵᠢᠴᠢ ︽ᠢᠷᠭᠡᠨ ᠤ ᠬᠠᠤᠯᠢ ᠶᠢᠨ ᠪᠢᠴᠢᠭ︾ ᠲᠤ ᠭᠡᠷ | ᠪᠦᠯᠢ ᠶᠢᠨ ᠡᠵᠡᠭᠲᠡᠢ ᠶᠢᠨ ᠬᠥᠳᠡᠯᠮᠦᠷᠢ ᠶᠢᠨ ᠦᠷᠳᠡᠭ ᠢ ᠨᠤᠲᠠᠯᠠᠬᠤ᠂ ᠤᠷᠤᠭ ᠰᠠᠯᠵᠤ ᠡᠳ᠋ ᠬᠥᠷᠥᠩᠭᠡ ᠪᠠᠨ | ᠬᠤᠪᠢᠳᠠᠨ ᠬᠤᠪᠢᠶᠠᠵᠤ ᠡᠮᠡᠭᠲᠡᠢ ᠡᠲᠡᠭᠡᠳ ᠢ ᠬᠠᠷᠠᠭᠠᠯᠵᠠᠬᠤ᠂ ᠤᠷᠤᠭ ᠰᠠᠯᠬᠤ ᠬᠤᠬᠢᠷᠠᠯ ᠤᠨ ᠲᠥᠯᠥᠪᠦᠷᠢ ᠥᠭᠬᠦ | ᠵᠡᠷᠭᠡ ᠲᠠᠯ᠎ᠠ ᠪᠠᠷ ᠲᠠᠶᠢᠯᠪᠤᠷᠢᠯᠠᠯᠲᠠ ᠬᠢᠪᠡ᠃ ᠡᠭᠦᠨ ᠤ ᠵᠡᠷᠭᠡᠴᠡᠭᠡᠪᠡᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ | ᠬᠠᠤᠯᠢ ᠪᠠᠷ ᠬᠡᠷᠡᠭ ᠶᠠᠪᠤᠳᠠᠯ ᠢ ᠦᠨᠡᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠠᠤᠯᠢ | ᠴᠠᠭᠠᠵᠠ ᠶᠢᠨ ᠵᠦᠢᠯ ᠵᠤᠷᠪᠤᠰ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠯᠲᠠ ᠬᠢᠵᠦ᠂ ᠡᠮᠡᠭᠲᠡᠢ | ᠤᠯᠠᠨ ᠲᠦᠮᠡᠨ ᠢ ᠰᠣᠨᠣᠰᠴᠤ ᠣᠶᠢᠯᠠᠭᠠᠬᠤ᠂ ᠴᠡᠭᠡᠵᠢᠯᠡᠵᠦ ᠴᠢᠳᠠᠬᠤ᠂ ᠬᠡᠷᠡᠭᠯᠡᠵᠦ ᠴᠢᠳᠠᠬᠤ ᠪᠣᠯᠭᠠᠵᠤ᠂ ᠲᠤᠰ | ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠬᠤ ᠦᠶ᠎ᠡ ᠳᠤ ᠯᠠᠪᠳᠠᠭᠤᠨ ᠲᠣᠭᠲᠠᠭᠤᠨ | ᠪᠠᠶᠢᠯᠭᠠᠵᠤ᠂ ᠵᠣᠷᠢᠭᠲᠠᠢ ᠪᠠᠷ ᠬᠠᠤᠯᠢ ᠴᠠᠭᠠᠵᠠ ᠶᠢᠨ ᠵᠡᠪᠰᠡᠭ ᠢ ᠠᠳᠬᠤᠨ ᠡᠷᠬᠡ ᠪᠠᠨ ᠣᠶᠤᠨᠴᠢ ᠪᠠᠷ ᠬᠠᠮᠠᠭᠠᠯᠠᠵᠤ᠂ | ᠪᠡᠶ᠎ᠡ ᠪᠠᠨ ᠬᠦᠨᠳᠦᠳᠬᠡᠬᠦ᠂ ᠪᠡᠶ᠎ᠡ ᠪᠠᠨ ᠳᠠᠭᠠᠭᠠᠬᠤ᠂ ᠪᠡᠶ᠎ᠡ ᠪᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠪᠤᠢ ᠪᠣᠯᠭᠠᠵᠤ᠂ | ︽ᠬᠠᠤᠯᠢ ᠴᠠᠭᠠᠵᠠ ᠶᠢᠨ ᠮᠡᠷᠭᠡᠨ ᠬᠥᠮᠥᠨ︾ ᠪᠣᠯᠬᠤ ᠬᠡᠷᠡᠭᠲᠡᠢ ᠭᠡᠵᠡᠢ᠃ | ᠬᠤᠶᠢᠰᠢᠳᠠ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ | ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠳᠤ ᠭᠦᠨᠵᠡᠭᠡᠶᠢᠷᠡᠨ ᠡᠯ᠎ᠡ ᠵᠦᠢᠯ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠬᠥᠳᠡᠭᠡ ᠲᠣᠰᠬᠤᠨ ᠤ ᠡᠮᠡᠭᠲᠡᠶᠢᠴᠦᠳ ᠢ ᠪᠦᠯᠬᠦᠮᠳᠡᠭᠦᠯᠦᠨ | ᠳᠠᠭᠠᠭᠤᠯᠵᠤ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠨᠢ ᠨᠢᠭᠲᠠᠷᠠᠭᠤᠯᠵᠤ᠂ ᠦᠨᠡᠨᠬᠦ ᠨᠠᠮ ᠤᠨ ᠠᠴᠢ ᠶᠢ | ᠮᠡᠳᠡᠷᠡᠭᠦᠯᠦᠨ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |