ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠦ᠂ ᠥᠷᠭᠡᠨ ᠤᠯᠠᠨ ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ᠂ | ᠰᠦᠷᠳᠡᠭᠦᠯᠦᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠠᠷᠠᠯᠲᠠ ᠨᠢᠭᠡᠴᠡ ᠶᠢᠨ | ᠰᠦᠷᠳᠡᠭᠦᠯᠦᠯ ᠢ ᠰᠡᠷᠭᠡᠶᠢᠯᠡᠬᠦ ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠮᠠᠨ ᠤ | ᠰᠢᠶᠠᠨ ᠤ ᠰᠤᠷᠭᠠᠭᠤᠯᠢ ᠶᠢᠨ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠬᠦ ᠤᠬᠠᠮᠰᠠᠷ ᠪᠣᠯᠣᠨ | ᠠᠷᠭᠠᠴᠠᠬᠤ ᠴᠢᠳᠠᠪᠤᠷᠢ ᠶᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠢ ᠲᠣᠭᠤᠷᠢᠨ ᠴᠠᠭᠳᠠᠬᠤ ᠴᠠᠭᠳᠠᠭ᠎ᠠ ᠶᠢᠨ | ᠶᠡᠭᠡ ᠠᠩᠭᠢ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠵᠦ | ᠰᠤᠷᠭᠠᠭᠤᠯᠢ ᠶᠢᠨ ᠬᠦᠷᠢᠶᠡᠨ ᠳᠤ ᠣᠷᠣᠬᠤ ᠤᠬᠠᠭᠤᠯᠭ᠎ᠠ ᠬᠥᠮᠦᠵᠢᠯ᠂ ᠰᠣᠷᠢᠯᠲᠠ ᠶᠢᠨ ᠠᠵᠢᠯᠯᠠᠭ᠎ᠠ ᠥᠷᠨᠢᠭᠦᠯᠵᠡᠢ᠃ | | | | | ᠲᠤᠰ ᠤᠳᠠᠭᠠᠨ ᠤ ᠤᠬᠠᠭᠤᠯᠭ᠎ᠠ ᠬᠥᠮᠦᠵᠢᠯ ᠤᠨ ᠲᠠᠶᠢᠯᠤᠮᠵᠢ ᠶᠢᠨ ᠠᠵᠢᠯᠯᠠᠭ᠎ᠠ ᠶᠢᠨ ᠠᠬᠤᠢ ᠲᠠᠯᠠᠪᠠᠶ ᠶᠢᠨ | ᠬᠥᠮᠥᠨ ᠤ ᠲᠤᠭ᠎ᠠ 400 ᠭᠠᠷᠤᠢ ᠪᠣᠯᠵᠤ᠂ ᠲᠤᠬᠠᠢ ᠶᠢᠨ ᠲᠠᠯᠠᠪᠠᠶ ᠶᠢᠨ ᠰᠤᠷᠤᠭᠴᠢᠳ ᠤᠨ ᠣᠷᠣᠯᠴᠠᠬᠤ ᠬᠠᠯᠠᠭᠤᠨ | ᠰᠡᠳᠬᠢᠯᠭᠡ ᠣᠷᠭᠢᠯᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠦᠷ ᠬᠥᠭᠵᠢᠶᠡᠨᠲᠡᠢ᠂ ᠶᠡᠭᠡ ᠠᠩᠭᠢ ᠶᠢᠨ | ᠠᠷᠠᠳ ᠤᠨ ᠴᠠᠭᠳᠠᠭ᠎ᠠ ᠣᠳᠣᠬᠠᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠤ | ᠪᠠᠶᠢᠳᠠᠯ ᠳᠤ ᠴᠢᠭᠯᠡᠭᠦᠯᠦᠨ᠂ ᠠᠮᠢᠳᠤᠯᠢᠭ ᠳᠦᠷᠰᠦᠯᠢᠭ ᠦᠭᠡ ᠬᠡᠯᠡ ᠪᠠᠷ ᠰᠤᠷᠤᠭᠴᠢᠳ ᠲᠤ ᠬᠠᠤᠯᠢ ᠳᠦᠷᠢᠮ ᠤᠨ | ᠤᠬᠠᠭᠤᠯᠤᠨ ᠲᠠᠶᠢᠯᠪᠤᠷᠢᠯᠠᠬᠤ ᠠᠮᠢᠳᠤᠯᠢᠭ ᠬᠢᠴᠢᠶᠡᠯ ᠣᠷᠣᠵᠤ᠂ ᠪᠥᠬᠦ ᠪᠠᠭᠰᠢ ᠰᠤᠷᠤᠭᠴᠢᠳ ᠲᠤ ︽ᠨᠠᠰᠤᠨ ᠳᠤ | ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠶᠢᠨ | ᠬᠠᠮᠲᠤ ᠳᠡᠷᠭᠡᠳᠡ ᠨᠢ ᠡᠭᠦᠰᠦᠭᠰᠡᠨ ᠠᠮᠢᠳᠤ ᠪᠣᠳᠠᠲᠠᠢ ᠵᠢᠱᠢᠶ᠎ᠡ ᠲᠠᠢ ᠤᠶᠠᠯᠳᠤᠭᠤᠯᠤᠨ᠂ ᠬᠦᠴᠦᠷᠬᠡᠭᠯᠡᠯ | ᠰᠦᠷᠳᠡᠭᠦᠯᠦᠯ ᠤᠨ ᠰᠡᠵᠢᠭᠲᠡᠨ ᠢ ᠬᠡᠷᠬᠢᠨ ᠢᠯᠭᠠᠨ ᠲᠠᠨᠢᠬᠤ᠂ ᠬᠦᠴᠦᠷᠬᠡᠭᠯᠡᠯ ᠰᠦᠷᠳᠡᠭᠦᠯᠦᠯ ᠤᠨ ᠳᠠᠭᠠᠷᠢᠯᠲᠠ | ᠡᠭᠦᠰᠬᠦ ᠦᠶ᠎ᠡ ᠳᠤ ᠬᠡᠷᠬᠢᠨ ᠵᠠᠶᠢᠯᠠᠬᠤ ᠵᠡᠷᠭᠡ ᠬᠤᠯᠪᠣᠭᠳᠠᠯ ᠪᠦᠬᠦᠢ ᠮᠡᠳᠡᠯᠭᠡ ᠶᠢᠨ ᠲᠤᠬᠠᠢ ᠲᠠᠶᠢᠯᠤᠮᠵᠢ ᠬᠢᠪᠡ᠃ | | | | | ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠰᠤᠷᠭᠠᠭᠤᠯᠢ ᠶᠢᠨ ᠬᠦᠷᠢᠶᠡᠨ ᠳᠤ ᠣᠷᠣᠬᠤ ᠤᠬᠠᠭᠤᠯᠭ᠎ᠠ | ᠰᠣᠷᠢᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠦᠷᠳᠡᠭᠦᠯᠦᠯ ᠢ ᠮᠡᠳᠡᠬᠦ᠂ | ᠰᠦᠷᠳᠡᠭᠦᠯᠦᠯ ᠢ ᠮᠡᠳᠡᠷᠡᠬᠦ᠂ ᠰᠦᠷᠳᠡᠭᠦᠯᠦᠯ ᠢ ᠲᠠᠨᠢᠬᠤ᠂ ᠰᠦᠷᠳᠡᠭᠦᠯᠦᠯ ᠢ ᠡᠰᠡᠷᠭᠦᠴᠡᠬᠦ ᠴᠢᠳᠠᠪᠤᠷᠢ ᠪᠠ ᠤᠬᠠᠮᠰᠠᠷ ᠢ | ᠪᠦᠲᠦᠮᠵᠢᠲᠡᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠰᠦᠷᠳᠡᠭᠦᠯᠦᠯ ᠢ ᠰᠡᠷᠭᠡᠶᠢᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠰᠦᠷᠳᠡᠭᠦᠯᠦᠯ ᠢ | ᠡᠰᠡᠷᠭᠦᠴᠡᠬᠦ ᠠᠵᠢᠯ ᠤᠨ ᠠᠯᠪᠠᠨ ᠭᠡᠷ ᠪᠣᠯᠣᠨ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠶ ᠴᠠᠭᠳᠠᠭ᠎ᠠ ᠶᠢᠨ ᠶᠡᠭᠡ | ᠠᠩᠭᠢ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ᠦᠷᠭᠦᠯᠵᠢᠯᠡᠨ ᠭᠦᠨᠵᠡᠭᠡᠶᠢᠷᠡᠵᠦ᠂ ᠰᠦᠷᠳᠡᠭᠦᠯᠦᠯ ᠢ | ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠠᠷᠠᠳ ᠤᠨ ᠰᠦᠷᠳᠡᠭᠦᠯᠦᠯ ᠢ | ᠡᠰᠡᠷᠭᠦᠴᠡᠬᠦ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠨᠡᠶᠢᠭᠡᠮ ᠤᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠴᠦᠷᠬᠡᠭᠯᠡᠯ ᠰᠦᠷᠳᠡᠭᠦᠯᠦᠯ ᠤᠨ | ᠬᠡᠷᠡᠭ ᠤᠨ ︽ᠥᠴᠥᠬᠡᠨ ᠴᠦ ᠡᠭᠦᠰᠬᠦ ᠦᠭᠡᠢ︾ ᠪᠠᠶᠢᠬᠤ ᠬᠢᠵᠠᠭᠠᠷ ᠱᠤᠭᠤᠮ ᠢ ᠡᠷᠡᠰ ᠰᠠᠬᠢᠬᠤ ᠪᠣᠯᠣᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |