ᠰᠢᠨ᠎ᠡ ᠶᠢᠩᠽᠢ ᠪᠠᠯᠭᠠᠰᠤ᠄ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠦᠢᠯᠡᠴᠢᠯᠡᠭᠡᠨ ᠤ ᠦᠢᠯᠡᠰ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/5/16
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ ᠭᠡᠵᠦ ᠵᠢᠭᠠᠵᠤ ᠭᠠᠷᠭᠠᠪᠠ᠃ ᠨᠠᠮ ᠤᠨ ᠪᠠᠶᠢᠭᠤᠯᠤᠯᠲᠠ ᠬᠥᠭᠵᠢᠪᠡᠯ ᠠᠵᠤ ᠠᠬᠤᠶᠢᠯᠠᠯ ᠮᠠᠨᠳᠤᠵᠤ᠂ ᠨᠠᠮ ᠤᠨ ᠪᠠᠶᠢᠭᠤᠯᠤᠯᠲᠠ ᠬᠦᠴᠦᠷᠬᠡᠭᠵᠢᠪᠡᠯ ᠠᠵᠤ ᠠᠬᠤᠶᠢᠯᠠᠯ ᠬᠦᠴᠦᠷᠬᠡᠭᠵᠢᠨ᠎ᠡ᠃ ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠲᠥᠷᠥᠯ ᠵᠦᠢᠯ ᠢ ︽ᠣᠷᠣᠭᠤᠯᠵᠤ ᠠᠪᠴᠢᠷᠠᠬᠤ᠂ ᠨᠠᠶᠢᠳᠠᠪᠤᠷᠢᠵᠢᠭᠤᠯᠵᠤ ᠳᠡᠶᠢᠯᠬᠦ᠂ ᠲᠣᠭᠲᠠᠪᠤᠷᠢᠵᠢᠭᠤᠯᠵᠤ ᠳᠡᠶᠢᠯᠬᠦ︾ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠳᠣᠲᠣᠨᠣᠴᠢᠯᠠᠬᠤ᠂ ᠠᠵᠤ ᠠᠬᠤᠶᠢᠯᠠᠯ ᠢ ᠠᠮᠤᠷᠵᠢᠭᠤᠯᠬᠤ᠂ ᠠᠵᠤ ᠠᠬᠤᠶᠢᠯᠠᠯ ᠢ ᠬᠦᠴᠦᠷᠬᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃      ︱ ᠵᠣᠭᠰᠣᠴᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠤᠷᠢᠳᠠᠪᠠᠷ ᠬᠡᠷᠡᠭᠵᠢᠭᠦᠯᠵᠦ ᠰᠠᠭᠤᠷᠢ ᠪᠠᠨ ᠪᠠᠲᠤᠳᠬᠠᠪᠠ      ᠰᠢᠨ᠎ᠡ ᠶᠢᠩᠽᠢ ᠪᠠᠯᠭᠠᠰᠤ ᠢᠮᠠᠭᠲᠠ ᠦᠵᠡᠯ ᠰᠠᠨᠠᠭᠠᠨ ᠤ ᠲᠡᠷᠢᠭᠦᠨ ᠤ ᠪᠠᠶᠢᠳᠠᠯ ᠢ ᠠᠵᠤ ᠠᠬᠤᠢ ᠶᠢᠨ ᠬᠥᠭᠵᠢᠯᠲᠡ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠤᠷᠲᠤ ᠬᠤᠭᠤᠴᠠᠭ᠎ᠠ ᠪᠠᠷ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠵᠡᠷᠭᠡ ᠶᠢ ᠤᠨᠤᠯ ᠰᠤᠷᠤᠯᠴᠠᠬᠤ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ᠂ ᠨᠠᠮ ᠤᠨ ᠭᠡᠰᠢᠭᠦᠨ ᠤ ᠪᠣᠯᠪᠠᠰᠤᠷᠠᠯ ᠵᠡᠷᠭᠡ ᠵᠠᠪᠠᠯ ᠰᠤᠷᠤᠯᠴᠠᠵᠦ ᠵᠠᠪᠠᠯ ᠶᠠᠷᠢᠬᠤ ᠠᠭᠤᠯᠭ᠎ᠠ ᠳᠤ ᠣᠷᠣᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠲᠠᠯ᠎ᠠ ᠪᠠᠷ ︽ᠬᠤᠶᠠᠷ ᠢ  ᠲᠤᠭᠳᠠᠭᠠᠭᠰᠠᠨ︾ ᠢ ᠡᠷᠡᠰ ᠬᠠᠮᠠᠭᠠᠯᠠᠬᠤ ᠶᠢ ᠪᠠᠲᠤᠯᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠡᠯ᠎ᠡ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶᠂ ᠦᠨᠳᠦᠰᠦᠨ ᠱᠠᠲᠤᠨ ᠤ ᠨᠠᠮ ᠤᠨ ᠡᠭᠦᠷ ᠲᠤ ᠣᠯᠠᠨᠲᠠ ᠭᠦᠨᠵᠡᠭᠡᠶᠢᠷᠡᠨ ︽ᠨᠠᠮ ᠤᠨ ᠬᠤᠷᠢᠳᠤᠭᠠᠷ ᠶᠡᠭᠡ ᠬᠤᠷᠠᠯ︾ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠡᠭᠦᠨ ᠤ ᠬᠠᠮᠲᠤ ᠸᠢᠴᠠᠲ ᠤᠨ ᠨᠡᠶᠢᠲᠡ ᠶᠢᠨ ᠳ᠋ᠤᠭᠠᠷ᠂  ᠸᠢᠳᠢᠤ᠋ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢᠶᠠᠷ ᠣᠯᠠᠨ ᠶᠠᠩᠵᠤ ᠶᠢᠨ ᠬᠡᠯᠪᠡᠷᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ  ᠶᠢ ᠥᠷᠨᠢᠭᠦᠯᠵᠦ᠂ ᠤᠯᠠᠨ ᠵᠦᠢᠯ ᠤᠨ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠰᠢᠰᠲ᠋ᠧᠮ ᠲᠠᠢ ᠤᠨᠤᠯ ᠤᠨ ᠵᠡᠪᠰᠡᠭᠯᠡᠯ ᠤᠨ ᠲᠣᠭᠲᠠᠴᠠ ᠶᠢ ᠪᠦᠷᠢᠨᠰᠢᠭᠦᠯᠵᠦ᠂ ᠪᠣᠰᠤᠭ᠎ᠠ ᠴᠣᠭᠴᠠᠲᠤ ᠮᠠᠶ᠋ᠢᠭ ᠤᠨ᠂ ᠤᠯᠠᠨ ᠳᠡᠰ ᠳᠠᠪᠬᠤᠷᠭ᠎ᠠ ᠶᠢᠨ ᠤᠨᠤᠯ ᠤᠨ ᠵᠡᠪᠰᠡᠭᠯᠡᠯ ᠤᠨ ᠪᠠᠶᠢᠷᠢᠰᠢᠯ ᠢ ᠪᠠᠶᠢᠭᠤᠯᠵᠤ᠂ ᠺᠠᠳ᠋ᠷ ᠤᠨ ᠣᠶᠢᠯᠠᠭᠠᠭᠳᠠᠬᠤᠨ ᠰᠢᠨ᠎ᠡ ᠪᠤᠰᠤ᠂ ᠰᠡᠳᠬᠢᠴᠡ ᠠᠮᠢᠳᠤᠯᠢᠭ ᠪᠤᠰᠤ᠂ ᠵᠢᠷᠤᠭ ᠲᠥᠯᠥᠪᠯᠡᠭᠡ ᠲᠣᠳᠣ ᠪᠤᠰᠤ᠂ ᠰᠥᠰᠥ ᠵᠣᠷᠢᠭ ᠳᠤᠲᠠᠮᠠᠭ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠢᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠮᠰᠠᠷ ᠢ ᠴᠢᠩᠭᠠᠳᠬᠠᠨ᠎ᠠ᠃ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠪᠠ ᠺᠠᠳ᠋ᠷ ᠤᠨ ᠪᠣᠶᠢᠵᠢᠯᠲᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠯᠪᠠᠰᠤᠷᠠᠭᠤᠯᠤᠯ ᠤᠨ ᠠᠭᠤᠯᠭ᠎ᠠ ᠶᠢ ᠰᠢᠯᠢᠳᠡᠭᠴᠢᠯᠡᠨ ᠰᠣᠩᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠠᠬᠤᠢ ᠶᠢ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠵᠡᠷᠭᠡ ᠠᠭᠤᠯᠭ᠎ᠠ ᠶᠢ ᠴᠠᠭ ᠲᠤᠬᠠᠢ ᠳᠤᠨᠢ ᠺᠠᠳ᠋ᠷ ᠤᠨ ᠡᠳᠦᠷ ᠲᠤᠲᠤᠮ ᠤᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠲᠠᠢ ᠤᠶᠠᠯᠳᠤᠭᠤᠯᠤᠨ ᠺᠠᠳ᠋ᠷ ᠤᠨ ᠪᠦᠬᠦᠯᠢ ᠴᠣᠭᠴᠠ ᠶᠢᠨ ᠬᠡᠪ ᠴᠢᠨᠠᠷ ᠪᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃ ︽ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠳᠤ ᠪᠠᠭ᠎ᠠ ᠶᠠᠪᠤᠳᠠᠯ ᠦᠭᠡᠢ︾ ᠭᠡᠬᠦ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠲᠡᠳᠬᠦᠬᠦ ᠦᠵᠡᠯ ᠤᠬᠠᠮᠰᠠᠷ ᠢ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠠᠰᠢᠭᠲᠠᠢ ᠪᠣᠯ ᠬᠡᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠠᠰᠢᠭᠲᠠᠢ ᠶᠠᠪᠤᠳᠠᠯ ᠢ ᠬᠢᠵᠦ᠂ ᠪᠥᠬᠦ ᠪᠠᠯᠭᠠᠰᠤ ᠪᠠᠷ ᠢᠶᠠᠨ ᠳᠡᠮᠵᠢᠵᠦ ᠣᠷᠣᠯᠴᠠᠭᠰᠠᠨ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠭᠤᠷ ᠠᠮᠢᠰᠬᠤᠯ ᠢ ᠦᠨᠡᠨ ᠬᠦ ᠪᠣᠶ ᠪᠤᠯᠭᠠᠪᠠ᠃      ︱ ᠲᠣᠭᠲᠠᠴᠠ ᠶᠢ ᠪᠦᠷᠢᠨᠰᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ      ᠰᠢᠨ᠎ᠡ ᠶᠢᠩᠽᠢ ᠪᠠᠯᠭᠠᠰᠤ ᠪᠦᠬᠦ ᠪᠠᠯᠭᠠᠰᠤ ᠪᠠᠷ ᠢᠶᠠᠨ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃      ᠨᠢᠭᠡ ᠳᠤ᠂ ᠤᠳᠤᠷᠢᠳᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯ ᠤᠳᠤᠷᠢᠳᠤᠯᠭ᠎ᠠ ᠭᠤᠣᠯᠳᠠᠭᠤ ᠠᠳᠬᠤᠬᠤ᠂ ᠪᠠᠭ ᠤᠨ ᠪᠦᠷᠢᠯᠳᠦᠭᠦᠨ ᠲᠦᠷᠦᠭᠦᠯᠡᠨ ᠠᠳᠬᠤᠬᠤ᠂ ᠬᠤᠯᠪᠣᠭᠳᠠᠯ ᠪᠦᠬᠦᠢ ᠠᠵᠢᠯ ᠤᠨ ᠪᠠᠶᠢᠷᠢ ᠶᠢ ᠪᠣᠳᠠᠲᠠᠢ ᠪᠠᠷ ᠠᠳᠬᠤᠬᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠢ ᠠᠬᠢᠭᠤᠯᠬᠤ ᠳᠤ ᠬᠥᠳᠡᠯᠭᠡᠭᠦ ᠬᠦᠴᠦᠨ ᠨᠡᠮᠡᠷᠢᠯᠡᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠷᠢᠳᠠᠪᠠᠷ ᠬᠢᠬᠦ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ + ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ︾ ᠶᠢ ᠠᠬᠢᠭᠤᠯᠬᠤ ︽ᠬᠤᠷᠳᠤᠴᠠ ᠪᠠᠨ ᠨᠡᠮᠡᠭᠳᠡᠭᠦᠯᠪᠡ︾᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠩᠭᠢ ᠶᠢᠨ ᠳᠠᠷᠤᠭ᠎ᠠ ᠪᠣᠯᠵᠤ᠂ ᠨᠤᠲᠤᠭ ᠤᠨ ᠮᠡᠷᠭᠡᠳ ᠠᠷᠠᠯᠵᠢᠶᠠᠴᠢᠨ ᠤᠷᠢᠬᠤ᠂ ᠠᠷᠠᠯᠵᠢᠶᠠᠴᠢᠨ ᠠᠷᠠᠯᠵᠢᠶᠠᠴᠢᠨ ᠤᠷᠢᠬᠤ᠂ ᠭᠡᠷ  ᠲᠤᠨᠢ ᠬᠦᠷᠴᠦ ᠠᠷᠠᠯᠵᠢᠶᠠᠴᠢᠨ ᠤᠷᠢᠬᠤ ᠵᠡᠷᠭᠡ ᠬᠡᠯᠪᠡᠷᠢ ᠪᠠᠷ ᠭᠠᠷᠳᠠᠨ ᠬᠢᠬᠦ ᠴᠡᠭ ᠪᠣᠯᠭᠠᠵᠤ᠂ ᠭᠤᠣᠯᠳᠠᠯᠭ᠎ᠠ ᠲᠠᠢ᠂ ᠬᠠᠷᠠᠯᠲᠠ ᠲᠠᠢ᠂ ᠲᠥᠷᠥᠯ ᠵᠦᠢᠯ ᠲᠠᠢ᠂ ᠡᠭᠦᠷᠭᠡ ᠲᠠᠢ ᠨᠢ ᠦᠷᠭᠦᠯᠵᠢ ᠭᠠᠳᠠᠭᠰᠢ ᠭᠠᠷᠴᠤ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠡᠵᠡᠮᠰᠢᠨ᠂ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠱᠠᠲᠤ ᠦᠶ᠎ᠡ ᠶᠢᠨ ᠴᠢᠨᠠᠷᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠪᠥᠬᠦ ᠬᠦᠴᠦᠨ ᠢᠶᠠᠷ ᠢᠶᠠᠨ ᠴᠢᠷᠮᠠᠶᠢᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ︾ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃      ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠮ ᠤᠨ ᠬᠤᠷᠢᠶᠠᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠠᠯᠭᠠᠰᠤᠨ ᠤ ᠭᠤᠣᠯ ᠤᠳᠤᠷᠢᠳᠤᠯᠭ᠎ᠠ ᠴᠢᠬᠤᠯᠠ ᠶᠡᠭᠡ ᠬᠤᠳᠠᠯᠳᠤᠭᠠᠴᠢᠨ ᠤᠷᠢᠬᠤ ᠠᠵᠢᠯᠯᠠᠭ᠎ᠠ ᠪᠠ ᠲᠠᠨᠢᠯᠴᠠᠭᠤᠯᠭ᠎ᠠ ᠳᠤ ᠢᠳᠡᠪᠬᠢᠲᠡᠢ ᠣᠷᠣᠯᠴᠠᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠰᠢᠨ᠎ᠡ ᠶᠢᠩᠽᠢ ᠪᠠᠯᠭᠠᠰᠤ ᠶᠢᠨ ᠳᠠᠪᠠᠭᠤᠯᠢᠭ ᠪᠠ ᠳᠠᠯᠳᠠ ᠬᠦᠴᠦᠨ ᠢ ᠢᠳᠡᠪᠬᠢᠲᠡᠢ ᠪᠠᠷ ᠤᠬᠠᠭᠤᠯᠵᠤ ᠂ ᠰᠢᠨ᠎ᠡ ᠶᠢᠩᠽᠢ ᠪᠠᠯᠭᠠᠰᠤ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠠᠨᠢᠯᠴᠠᠭᠤᠯᠵᠤ᠂ ᠡᠯ᠎ᠡ ᠭᠠᠵᠠᠷ ᠤᠨ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠪᠠ ᠪᠡᠯᠡ ᠣᠷᠤᠭᠤᠯᠤᠯᠲᠠ ᠶᠢᠨ ᠣᠷᠴᠢᠨ ᠲᠣᠭᠤᠷᠢᠨ ᠢ ᠣᠶᠢᠯᠠᠭᠠᠨ᠂ ᠡᠯ᠎ᠡ ᠭᠠᠵᠠᠷ ᠤᠨ ᠠᠵᠤ ᠠᠬᠤᠶᠢᠯᠠᠯᠲᠠᠨ ᠲᠠᠢ ᠰᠣᠯᠢᠯᠴᠠᠬᠤ ᠪᠠᠷ ᠳᠡᠮᠵᠢᠨ᠂ ᠠᠵᠤ ᠠᠬᠤᠶᠢᠯᠠᠯᠲᠠᠨ ᠤ ᠦᠨᠡᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠪᠠ ᠪᠣᠳᠣᠯ ᠢ ᠴᠠᠭ ᠲᠤᠬᠠᠢ ᠳᠤᠨᠢ ᠡᠵᠡᠮᠰᠢᠵᠦ᠂ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠭᠡ ᠪᠠ ᠳᠡᠮᠵᠢᠯᠭᠡ ᠬᠠᠩᠭᠠᠬᠤ ᠪᠠᠷ ᠴᠢᠷᠮᠠᠶᠢᠵᠤ᠂ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠠᠬᠢᠭᠤᠯᠤᠨ᠎ᠠ᠃      ᠭᠤᠷᠪᠠ ᠳᠤ᠂ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠤᠨ᠎ᠠ᠃ ᠨᠤᠲᠤᠭ ᠤᠨ ᠮᠡᠷᠭᠡᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠨᠤᠲᠤᠭ ᠤᠨ ᠡᠷᠬᠡᠲᠡᠨ ᠨᠦᠭᠦᠳ ᠤᠨ ᠰᠤᠳᠠᠰᠤ ᠡᠯᠪᠡᠭ᠂ ᠮᠡᠳᠡᠭᠡ ᠵᠠᠩᠭᠢ ᠨᠡᠪᠲᠡᠷᠡᠬᠦ᠂ ᠮᠡᠳᠡᠯᠭᠡ ᠥᠷᠭᠡᠨ ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ᠨᠤᠲᠤᠭ ᠤᠨ ᠡᠷᠬᠡᠲᠡᠨ ᠨᠦᠭᠦᠳ ᠲᠤ ᠨᠡᠪᠲᠡᠷᠡᠯᠴᠡᠵᠦ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠶᠠᠪᠤᠴᠠ ᠳᠠᠬᠢ ᠨᠤᠲᠤᠭ ᠤᠨ ᠡᠷᠬᠡᠲᠡᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠤᠨ ᠡᠷᠬᠡᠲᠡᠨ ᠨᠦᠭᠦᠳ ᠤᠨ ᠰᠠᠶᠢᠨ ᠰᠡᠳᠬᠢᠴᠡ᠂ ᠰᠠᠶᠢᠨ ᠠᠷᠭ᠎ᠠ ᠶᠢ ᠴᠠᠭ ᠲᠤᠬᠠᠢ ᠳᠤᠨᠢ ᠬᠡᠷᠡᠭᠯᠡᠬᠦ ᠬᠡᠷᠡᠭᠲᠡᠢ᠃ ᠲᠦᠷᠦᠯ ᠰᠠᠳᠤᠨ ᠢᠶᠠᠷ ᠢᠶᠠᠨ ᠬᠤᠳᠠᠯᠳᠤᠭᠠᠴᠢᠨ ᠤᠷᠢᠬᠤ᠂ ᠰᠡᠳᠬᠢᠯᠭᠡ ᠪᠠᠷ ᠢᠶᠠᠨ ᠬᠤᠳᠠᠯᠳᠤᠭᠠᠴᠢᠨ ᠤᠷᠢᠬᠤ᠂ ᠨᠠᠶᠢᠵᠠ ᠨᠥᠬᠦᠳ ᠢᠶᠠᠷ ᠢᠶᠠᠨ ᠬᠤᠳᠠᠯᠳᠤᠭᠠᠴᠢᠨ ᠤᠷᠢᠬᠤ᠂ ᠦᠨᠡᠨᠴᠢ ᠪᠠᠷ ᠬᠤᠳᠠᠯᠳᠤᠭᠠᠴᠢᠨ ᠤᠷᠢᠬᠤ ᠶᠢ ᠪᠡᠶᠡᠯᠡᠭᠦᠯᠵᠦ᠂ ᠲᠡᠳᠡᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃      ︱ ᠦᠢᠯᠡᠴᠢᠯᠡᠭᠡ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠠᠷᠢᠯᠭᠠᠬᠤ ᠶᠢᠨ ᠲᠥᠯᠥᠭᠡ ᠰᠡᠳᠬᠢᠯ ᠢᠶᠠᠨ ᠭᠦᠨ ᠬᠠᠳᠠᠩᠰᠢᠭᠤᠯᠤᠨ᠎ᠠ      ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ︽ᠭᠠᠳᠠᠭᠠᠳᠤ ᠠᠴᠠ ᠣᠷᠣᠭᠤᠯᠤᠭᠰᠠᠨ︾ ᠪᠤᠢ ᠪᠦᠬᠦᠢ ᠰᠢᠨ᠎ᠡ ᠪᠠᠷ ᠪᠦᠲᠦᠭᠡᠨ ᠪᠠᠶᠢᠭᠤᠯᠤᠭᠰᠠᠨ᠂ ᠠᠰᠢᠭᠯᠠᠯᠲᠠ ᠳᠤ ᠣᠷᠣᠭᠤᠯᠤᠭᠰᠠᠨ ᠵᠦᠢᠯᠡᠰ ᠤᠨ ᠶᠡᠭᠡ ᠪᠠᠭ᠎ᠠ ᠶᠢ ᠬᠠᠮᠢᠶᠠᠷᠤᠯ ᠦᠭᠡᠢ ᠪᠠᠷ ᠦᠢᠯᠡᠴᠢᠯᠡᠬᠦ ᠶᠢ ᠲᠡᠷᠢᠭᠦᠨ ᠳᠤ ᠲᠠᠯᠪᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠨ ᠥᠭᠴᠦ᠂ ᠵᠣᠴᠢᠨ ᠬᠤᠳᠠᠯᠳᠤᠭᠠᠴᠢᠨ ᠳᠤ ᠦᠨᠡᠨᠴᠢ ᠰᠡᠳᠬᠢᠯ ᠪᠠ ᠬᠠᠯᠠᠭᠤᠨ ᠳᠤᠯᠠᠭᠠᠨ ᠢ ᠬᠦᠷᠲᠡᠭᠡᠵᠦ᠂ ᠪᠡᠯᠡ ᠣᠷᠣᠭᠤᠯᠬᠤ ᠢᠲᠡᠭᠡᠯ ᠢ  ᠨᠢ ᠪᠠᠲᠤᠳᠬᠠᠬᠤ ᠬᠡᠷᠡᠭᠲᠡᠢ᠃ ᠠᠵᠤ ᠠᠬᠤᠶᠢᠯᠠᠯ ᠲᠠᠢ ᠬᠤᠯᠪᠤᠭᠠᠯᠠᠨ ᠠᠵᠤ ᠠᠬᠤᠶᠢᠯᠠᠯ ᠢ ᠬᠠᠪᠰᠤᠷᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠰᠤ᠂ ᠴᠠᠬᠢᠯᠭᠠᠨ᠂ ᠵᠠᠮ ᠬᠠᠷᠢᠯᠴᠠᠭ᠎ᠠ᠂ ᠠᠵᠢᠯᠴᠢᠨ ᠡᠯᠰᠡᠬᠦ᠂ ᠪᠠᠩᠬᠢ ᠶᠢᠨ ᠵᠢᠭᠡᠯᠡᠯᠭᠡ ᠵᠡᠷᠭᠡ ᠶᠢ ᠢᠳᠡᠪᠬᠢᠲᠡᠢ ᠪᠠᠷ ᠵᠣᠬᠢᠴᠠᠭᠤᠯᠤᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠨ ᠪᠠᠭᠠᠰᠬᠠᠵᠤ᠂ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠰᠦᠢᠳᠬᠡᠯ ᠬᠠᠮᠤᠭ ᠤᠨ ᠪᠠᠭ᠎ᠠ᠂ ᠪᠠᠷᠢᠮᠵᠢᠶ᠎ᠠ ᠪᠠᠷ ᠬᠠᠮᠤᠭ ᠤᠨ ᠳᠣᠣᠷ᠎ᠠ᠂ ᠠᠵᠢᠯ ᠶᠠᠪᠤᠳᠠᠯ ᠭᠦᠢᠴᠡᠳᠬᠡᠬᠦ ᠪᠠᠷ ᠬᠠᠮᠤᠭ ᠤᠨ ᠲᠦᠷᠭᠡᠨ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠪᠣᠶ ᠪᠣᠯᠭᠠᠨ᠎ᠠ᠃ ᠠᠵᠤ ᠠᠬᠤᠶᠢᠯᠠᠯᠲᠠᠨ ᠢ ︽ᠥᠪᠡᠷ ᠤᠨ ᠭᠡᠷ ᠤᠨ ᠬᠥᠮᠥᠨ︾ ᠢᠶᠠᠷ ᠦᠵᠡᠵᠦ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠭᠡᠷ ᠤᠨ ᠶᠠᠪᠤᠳᠠᠯ ᠢᠶᠠᠨ ᠪᠣᠯᠭᠠᠵᠤ᠂ ᠠᠵᠤ ᠠᠬᠤᠶᠢᠯᠠᠯ ᠲᠠᠢ ᠢᠯᠡᠭᠦᠬᠡᠨ ᠬᠠᠷᠢᠯᠴᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠤᠨ᠂ ᠲᠥᠷᠥᠯ ᠵᠦᠢᠯ ᠢ ᠠᠯᠢ ᠲᠦᠷᠭᠡᠨ ᠢᠶᠠᠷ ᠡᠵᠡᠩᠨᠡᠯᠲᠡ ᠳᠤ ᠣᠷᠣᠭᠤᠯᠬᠤ ᠳᠤ ᠬᠦᠴᠦᠲᠡᠢ ᠲᠤᠰᠠᠯᠠᠮᠵᠢ ᠬᠠᠩᠭᠠᠵᠤ᠂ ᠠᠵᠤ ᠠᠬᠤᠶᠢᠯᠠᠯ ᠢ ᠰᠠᠨᠠᠭᠠᠰᠢᠷᠠᠨ ᠵᠣᠪᠠᠭ᠋ᠤ ᠵᠦᠢᠯ ᠦᠭᠡᠢ ᠪᠣᠯᠭᠠᠵᠤ᠂ ᠵᠠᠰᠠᠭ ᠤᠨ ᠣᠷᠳᠣᠨ   ᠠᠴᠠ ᠠᠵᠤ ᠠᠬᠤᠶᠢᠯᠠᠯ ᠢ ᠴᠢᠬᠤᠯᠠᠴᠢᠯᠠᠬᠤ ᠂ ᠣᠯᠠᠨ ᠲᠦᠮᠡᠨ ᠠᠴᠠ ᠠᠵᠤ ᠠᠬᠤᠶᠢᠯᠠᠯ ᠢ ᠳᠡᠮᠵᠢᠬᠦ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠳᠡᠭ ᠢᠳᠡᠭ ᠢᠶᠠᠷ ᠪᠣᠶ ᠪᠤᠯᠭᠠᠪᠠ᠃      ᠰᠢᠨ᠎ᠡ ᠶᠢᠩᠽᠢ ᠪᠠᠯᠭᠠᠰᠤ ᠢᠮᠠᠭᠲᠠ ᠨᠠᠮ ᠤᠨ ᠪᠠᠶᠢᠭᠤᠯᠤᠯᠲᠠ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢᠨ ᠴᠢᠬᠤᠯᠠ ᠠᠭᠤᠯᠭ᠎ᠠ ᠪᠣᠯᠭᠠᠵᠤ᠂ ︽ᠬᠥᠭᠵᠢᠯᠲᠡ ᠶᠢ ᠡᠷᠢᠯᠬᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨ᠎ᠡ ᠪᠠᠶᠢᠳᠠᠯ ᠢ ᠨᠡᠭᠡᠭᠡᠬᠦ︾ ᠱᠠᠭᠠᠷᠳᠠᠯᠭ᠎ᠠ ᠶᠢᠨ ᠲᠣᠭᠤᠷᠢᠨ ᠳᠤ ᠠᠵᠤ ᠠᠬᠤᠶᠢᠯᠠᠯ ᠳᠤ ᠪᠣᠳᠠᠲᠠᠢ ᠶᠠᠪᠤᠳᠠᠯ ᠬᠢᠵᠦ ᠥᠭᠬᠦ ᠲᠥᠯᠥᠪᠯᠡᠭᠡ᠂ ᠠᠵᠤ ᠠᠬᠤᠶᠢᠯᠠᠯ ᠳᠤ ᠪᠣᠳᠠᠲᠠᠢ ᠶᠠᠪᠤᠳᠠᠯ ᠬᠢᠵᠦ ᠥᠭᠬᠦ ᠨᠠᠷᠢᠨ ᠲᠠᠩᠰᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠪᠢᠴᠢᠯ ᠪᠣᠳᠠᠲᠤ ᠶᠠᠪᠤᠳᠠᠯ︾ ᠤᠨ ᠨᠠᠷᠢᠨ ᠲᠠᠩᠰᠠ ᠶᠢ ᠲᠣᠭᠲᠠᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠵᠤ ᠠᠬᠤᠶᠢᠯᠠᠯ ᠢ ᠬᠠᠪᠰᠤᠷᠤᠨ ᠨᠢᠭᠡ ᠪᠦᠯᠦᠭ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ ᠥᠭᠴᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠶᠡᠬᠡᠬᠡᠨ ᠬᠦᠴᠦ ᠲᠠᠯᠪᠢᠨ᠎ᠠ᠃ ︽ᠨᠢᠭᠡ ᠥᠷᠲᠡᠭᠡᠨ ᠤ ᠮᠠᠶ᠋ᠢᠭ᠂ ᠪᠥᠬᠦ ᠶᠠᠪᠤᠴᠠ ᠶᠢᠨ ᠮᠠᠶ᠋ᠢᠭ᠂ ᠠᠰᠠᠷᠠᠭᠴᠢ ᠮᠠᠶ᠋ᠢᠭ︾ ᠤᠨ ᠦᠢᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠵᠤ᠂ ᠭᠡᠷ᠎ᠡ ᠲᠣᠭᠲᠠᠵᠤ ᠣᠷᠣᠭᠤᠯᠤᠨ ᠠᠪᠴᠢᠷᠠᠭᠰᠠᠨ ᠲᠥᠷᠥᠯ ᠵᠦᠢᠯ ᠨᠢᠭᠡᠪᠦᠷᠢ ᠳᠤ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ ᠨᠠᠷᠢᠨ ᠨᠢᠮᠪᠠᠢ ᠲᠦᠯᠬᠢᠨ ᠠᠬᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠨᠠᠷᠢᠨ ᠨᠢᠮᠪᠠᠢ ᠦᠢᠯᠡᠴᠢᠯᠡᠨ᠂ ᠡᠷᠦᠬᠡ ᠠᠮᠠ ᠣᠷᠣᠭᠰᠠᠨ ᠠᠵᠤ ᠠᠬᠤᠶᠢᠯᠠᠯ ᠤᠨ ᠬᠦᠴᠢᠷ ᠵᠣᠪᠠᠯᠠᠩ ᠢ ᠢᠳᠡᠪᠬᠢᠲᠡᠢ ᠪᠠᠷ ᠰᠢᠢᠳᠪᠦᠷᠢᠯᠡᠵᠦ᠂ ᠠᠮᠤᠷ ᠲᠦᠪᠰᠢᠨ ᠢ ᠬᠠᠮᠠᠭᠠᠯᠠᠵᠤ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠪᠠᠶᠢᠴᠠᠭᠠᠨ ᠰᠤᠳᠤᠯᠵᠤ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠨᠠᠷᠢᠯᠢᠭ ᠣᠨᠣᠴᠠᠲᠠᠢ ᠪᠠᠷ ᠴᠤᠭᠯᠠᠭᠤᠯᠵᠤ᠂ ︽ᠴᠡᠭ ᠠᠴᠠ ᠴᠡᠭ ᠲᠤ ᠬᠠᠨᠳᠤᠭᠤᠯᠵᠤ︾᠂ ︽ᠨᠢᠭᠤᠷᠳᠠᠵᠤ︾ ᠦᠢᠯᠡᠴᠢᠯᠡᠭᠡ ᠥᠷᠨᠢᠭᠦᠯᠦᠨ᠂ ᠠᠵᠤ ᠠᠬᠤᠶᠢᠯᠠᠯ ᠤᠨ ᠰᠡᠳᠬᠢᠯ ᠤᠨ ᠦᠭᠡ ᠪᠠ ᠰᠠᠨᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠢ ᠲᠦᠯᠬᠢᠯᠴᠡᠬᠦ ᠦᠭᠡᠢ᠂ ᠪᠡᠷᠬᠡᠰᠢᠶᠡᠬᠦ ᠦᠭᠡᠢ ᠪᠠᠶᠢᠵᠤ᠂ ᠠᠵᠤ ᠠᠬᠤᠶᠢᠯᠠᠯ ᠯᠤᠭ᠎ᠠ ᠶᠢᠨ ᠡᠶ᠎ᠡ ᠵᠣᠬᠢᠴᠠᠯ ᠲᠠᠢ᠂ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠎ᠠ᠃ ᠰᠢᠶᠠᠨ ᠤ ᠱᠠᠲᠤᠨ ᠤ ᠨᠢᠭᠡᠴᠡ ᠲᠠᠢ ᠢᠳᠡᠪᠬᠢᠲᠡᠢ ᠪᠠᠷ ᠵᠣᠯᠭᠠᠭᠤᠯᠤᠨ ᠵᠣᠬᠢᠴᠠᠭᠤᠯᠵᠤ᠂ ᠠᠰᠠᠭᠤᠳᠠᠯ ᠢ ᠰᠢᠢᠳᠪᠦᠷᠢᠯᠡᠬᠦ ᠠᠬᠢᠴᠠ ᠶᠢ ᠴᠠᠭ ᠲᠤᠬᠠᠢ ᠳᠤᠨᠢ ᠳᠠᠭᠠᠵᠤ ᠬᠢᠬᠦ ᠬᠡᠷᠡᠭᠲᠡᠢ᠃ ︽ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ ᠬᠠᠶᠢᠷᠠᠯᠠᠬᠤ᠂ ᠬᠤᠳᠠᠯᠳᠤᠭ᠎ᠠ ᠶᠢ ᠬᠠᠮᠠᠭᠠᠯᠠᠬᠤ᠂ ᠬᠤᠳᠠᠯᠳᠤᠭ᠎ᠠ ᠶᠢ ᠪᠠᠶᠠᠵᠢᠭᠤᠯᠬᠤ︾ ᠶᠢ ᠦᠨᠡᠨᠬᠦ ᠪᠡᠶᠡᠯᠡᠭᠦᠯᠵᠦ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1