ᠲᠣᠭᠲᠠᠬᠤ ᠰᠢᠶᠠᠨ 2023 ᠣᠨ ᠤ ︽ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠶ᠎ᠠ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/16
      ᠣᠯᠠᠨ ᠨᠡᠶᠢᠲᠡ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠪᠠᠷ ᠪᠡᠯᠡ ᠮᠥᠩᠭᠦ ᠴᠤᠭᠯᠠᠭᠤᠯᠤᠨ᠂ ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠠᠴᠠ ᠤᠬᠠᠮᠰᠠᠷ ᠠᠴᠠ ᠪᠠᠨ ᠵᠠᠶᠢᠳᠠᠬᠤ ᠪᠠ ᠲᠡᠭᠦᠨ ᠢ ᠡᠰᠡᠷᠭᠦᠴᠡᠨ  ᠬᠤᠷᠢᠭᠯᠠᠬᠤ ᠶᠢᠨ ᠲᠦᠯᠦᠭᠡ ᠂ 5 ᠳ᠋ᠤᠭᠠᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠨᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠳᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠶᠦᠨ ᠵᠥᠩ ᠰᠣᠶᠣᠯ ᠤᠨ ᠣᠷᠳᠣᠨ ᠤ ᠠᠭᠤᠳᠠᠮ ᠲᠠᠯᠠᠪᠠᠶ ᠳᠤ ︽ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ᠂ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠶ᠎ᠠ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠨᠢ ᠲᠤᠬᠠᠢ ᠶᠢᠨ ᠲᠠᠯᠠᠪᠠᠶ ᠳᠤ ᠤᠬᠠᠭᠤᠯᠭ᠎ᠠ ᠯᠠᠪᠯᠠᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠠᠶ ᠳᠤ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠬᠠᠤᠯᠢ ᠪᠤᠰᠤ  ᠪᠠᠷ ᠪᠡᠯᠡ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠶᠢᠨ ᠪᠠᠶᠢᠩᠭᠤ ᠲᠣᠬᠢᠶᠠᠯᠳᠤᠬᠤ ᠠᠷᠭ᠎ᠠ ᠪᠠᠷᠢᠯ᠂ ᠨᠡᠶᠢᠲᠡᠯᠢᠭ ᠬᠡᠷᠡᠭ ᠤᠨ ᠵᠢᠱᠢᠶ᠎ᠡ ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠶᠢ ᠢᠯᠭᠠᠨ ᠲᠠᠨᠢᠬᠤ ᠪᠣᠳᠠᠲᠤ ᠬᠡᠷᠡᠭᠯᠡᠭᠡᠨ ᠤ ᠠᠷᠭ᠎ᠠ ᠶᠢ ᠲᠠᠨᠢᠯᠴᠠᠭᠤᠯᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠡᠯ᠎ᠡ ᠵᠦᠢᠯ ᠤᠨ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠣᠶᠤᠨᠴᠢ ᠪᠠᠷ ᠪᠡᠯᠡ ᠣᠷᠣᠭᠤᠯᠬᠤ᠂ ᠠᠶᠤᠯ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠨ ᠯᠠᠪᠯᠠᠯᠲᠠ ᠶᠢ 400 ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠤᠬᠠᠭᠤᠯᠭ᠎ᠠ ᠶᠢᠨ ᠬᠠᠭᠤᠳᠠᠰᠤ᠂ ᠨᠤᠭᠤᠯᠤᠭᠰᠠᠨ ᠬᠠᠭᠤᠳᠠᠰᠤ᠂ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢᠨ ᠭᠠᠷ ᠳᠡᠪᠲᠡᠷ ᠢ ᠨᠡᠶᠢᠲᠡ 3000 ᠭᠠᠷᠤᠢ ᠬᠤᠪᠢ ᠲᠠᠷᠬᠠᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1