ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/5/16
      ᠰᠤᠷᠭᠠᠨ ᠬᠥᠮᠦᠵᠢᠯ ᠤᠨ ᠶᠠᠮᠤᠨ 6 ᠤ ᠡᠳᠦᠷ  2023  ᠣᠨ ᠤ  ᠳᠤᠮᠳᠠᠳᠤ  ᠪᠠᠭ᠎ᠠ  ᠰᠤᠷᠭᠠᠭᠤᠯᠢ ᠶᠢᠨ  ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠢ ᠨᠡᠶᠢᠲᠡᠯᠡᠪᠡ᠂ ᠡᠭᠦᠨ ᠳᠤ ᠡᠩ ᠤᠨ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠪᠠᠭᠲᠠᠨ᠎ᠠ᠃ ᠮᠡᠳᠡᠭᠳᠡᠯ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ  ᠤᠨ ᠬᠢᠴᠢᠶᠡᠯ ᠤᠨ ᠪᠢᠴᠢᠭ ᠲᠤ ᠶᠠᠮᠠᠷ ᠴᠦ ᠵᠠᠷ ᠰᠤᠷᠲᠠᠯᠴᠢᠯᠠᠭ᠎ᠠ ᠪᠤᠶᠤ ᠨᠡᠮᠡᠯᠲᠡ ᠮᠠᠲ᠋ᠧᠷᠢᠶᠠᠯ ᠤᠨ ᠰᠦᠯᠵᠢᠶᠡᠨ ᠤ ᠬᠤᠯᠪᠣᠭᠠᠰᠤ᠂ ᠢᠯᠭᠠᠨ ᠲᠠᠨᠢᠬᠤ ᠺᠣᠳ᠋  ᠵᠡᠷᠭᠡ ᠶᠢ ᠳᠠᠭᠠᠯᠳᠤᠭᠤᠯᠵᠤ ᠪᠣᠯᠬᠤ ᠦᠭᠡᠢ ᠭᠡᠵᠦ ᠱᠠᠭᠠᠷᠳᠠᠯ᠎ᠠ᠃                                       ᠮᠡᠳᠡᠭᠳᠡᠯ ᠳᠤ ᠵᠢᠭᠠᠬᠤ ᠳᠠᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ ᠬᠢᠴᠢᠶᠡᠯ ᠬᠦᠮᠦᠵᠢᠯ ‍ᠦᠨ‌ᠡᠯ᠎ᠡ ᠬᠢᠴᠢᠶᠡᠯ ᠲᠥᠷᠥᠯ ᠳᠤ ︽2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ  ᠬᠢᠴᠢᠶᠡᠯ ᠤᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠳᠣᠲᠣᠷᠠᠬᠢ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ ᠬᠢᠴᠢᠶᠡᠯ ᠲᠦᠷᠦᠯ ᠳᠤ ᠬᠠᠷᠢᠶᠠᠯᠠᠭᠳᠠᠬᠤ ᠪᠣᠯᠪᠠᠴᠤ ᠵᠢᠭᠠᠬᠤ ᠮᠠᠲ᠋ᠧᠷᠢᠶᠠᠯ   ᠨᠢ ᠭᠠᠷᠴᠠᠭ ᠲᠤ ᠪᠠᠶᠢᠬᠤ ᠥᠬᠡᠶ ᠪᠣᠯ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠱᠠᠭᠠᠷᠳᠠᠯᠭ᠎ᠠ ᠶᠢ ᠦᠨᠳᠦᠰᠦᠯᠡᠨ ᠬᠠᠮᠢᠶᠠᠲᠠᠢ ᠬᠢᠴᠢᠶᠡᠯ ᠤᠨ ᠬᠡᠷᠡᠭᠵᠢᠭᠦᠯᠬᠦ ᠠᠷᠭ᠎ᠠ ᠮᠠᠶ᠋ᠢᠭ ᠪᠠ ᠵᠢᠭᠠᠨ  ᠰᠤᠷᠭᠠᠬᠤ ᠮᠠᠲ᠋ᠧᠷᠢᠶᠠᠯ ᠢ ᠲᠣᠭᠲᠠᠭᠠᠨ᠎ᠠ᠂ ᠬᠡᠷᠪᠡ ᠬᠡᠷᠡᠭᠯᠡᠬᠦ ᠴᠢᠬᠤᠯᠠᠲᠠᠶ ᠪᠣᠯ ᠬᠡᠷᠡᠭᠯᠡᠬᠦ ᠵᠢᠭᠠᠬᠤ ᠮᠠᠲ᠋ᠧᠷᠢᠶᠠᠯ ᠢ ᠵᠢᠩᠬᠢᠨᠢ ᠪᠠᠷ ᠬᠡᠪᠯᠡᠭᠦᠯᠬᠦ ᠬᠡᠷᠡᠭᠲᠡᠶ ᠪᠥᠭᠡᠳ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠬᠤ ᠶᠢᠨ ᠬᠠᠮᠲᠤ ᠮᠤᠵᠢ ᠶᠢᠨ ᠱᠠᠲᠤᠨ ᠤ ᠳᠤᠮᠳᠠᠳᠤ ᠪᠠᠭ᠎ᠠ  ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠲᠤ ᠣᠷᠣᠭᠤᠯᠤᠨ᠎ᠠ᠃ ᠡᠭᠦᠨ ᠠᠴᠠ ᠭᠠᠳᠠᠨ᠎ᠠ᠂ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠡᠩ ᠤᠨ ᠥᠨᠳᠥᠷ ᠵᠡᠷᠭᠡ ᠶᠢᠨ  ᠳᠤᠮᠳᠠᠳᠤ  ᠰᠤᠷᠭᠠᠭᠤᠯᠢ ᠶᠢᠨ 2003 ᠣᠨ ᠤ ᠬᠢᠴᠢᠶᠡᠯ ᠤᠨ  ᠪᠠᠷᠢᠮᠵᠢᠶ᠎ᠡ ᠶᠢ ᠦᠨᠳᠦᠰᠦᠯᠡᠨ ᠨᠠᠶᠢᠷᠠᠭᠤᠯᠤᠨ ᠪᠢᠴᠢᠭᠰᠡᠨ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠵᠢᠭᠠᠬᠤ ᠮᠠᠲ᠋ᠧᠷᠢᠶᠠᠯ ᠢ ᠳᠠᠭᠢᠵᠤ ᠬᠡᠷᠡᠭᠯᠡᠬᠦ ᠨᠣᠮ ᠤᠨ ᠭᠠᠷᠴᠠᠭ ᠲᠤ ᠤᠷᠤᠭᠤᠯᠬᠤ ᠦᠬᠡᠢ ᠭᠡᠵᠠᠢ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1