ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ | ᠤᠨ ᠬᠢᠨ ︽ᠰᠤᠷᠭᠠᠭᠤᠯᠢ ᠵᠢᠨᠭᠠᠳᠠᠨᠠᠬᠢ ᠪᠣᠯᠪᠠᠰᠤᠷᠠᠯ ᠤᠨ ︿ᠠᠮᠤᠷ ᠲᠦᠪᠰᠢᠨ ᠬᠡᠷᠡᠭᠯᠡᠭᠡ﹀ ᠶᠢᠨ ᠲᠤᠰᠬᠠᠶ | ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ 5 ᠰᠠᠷ᠎ᠠ ᠠᠴᠠ 6 ᠰᠠᠷ᠎ᠠ | ᠪᠣᠯᠲᠠᠯ᠎ᠠ ᠪᠥᠬᠦ ᠤᠯᠤᠰ ᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠠᠮᠤᠷ ᠲᠦᠪᠰᠢᠨ ᠬᠡᠷᠡᠭᠯᠡᠭᠡ︾ | ᠶᠢᠨ ᠲᠤᠰᠬᠠᠶ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠃ ᠮᠡᠳᠡᠭᠳᠡᠯ ᠳᠤ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ᠂ ᠠᠮᠠᠷᠠᠯᠲᠠ ᠶᠢᠨ ᠡᠳᠦᠷ ᠢ ᠡᠵᠡᠯᠡᠨ ᠬᠡᠷᠡᠭᠯᠡᠵᠦ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠬᠢᠵᠦ ᠪᠣᠯᠬᠤ | ᠥᠬᠡᠶ ᠭᠡᠵᠦ ᠲᠤᠳᠤᠷᠬᠠᠶᠢᠯᠠᠪᠠ᠃ | ︽ᠬᠤᠶᠠᠷ ᠢ ᠬᠦᠡᠭᠭᠡᠷᠡᠬᠦᠯᠬᠦ︾ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠭᠰᠡᠨ ᠪᠥᠭᠡᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠭᠡᠪᠡᠴᠦ ᠵᠠᠷᠢᠮ | ᠪᠣᠯᠪᠠᠰᠤᠷᠠᠯ ᠤᠨ ᠪᠠᠶᠢᠭᠤᠯᠤᠮᠵᠢ ᠨᠢ ᠤᠷᠢᠳᠴᠢᠯᠠᠨ ᠬᠤᠷᠢᠶᠠᠭᠰᠠᠨ ᠰᠦᠢᠳᠭᠡᠯ ᠤᠨ ᠮᠥᠩᠭᠦ ᠳᠤ ᠬᠢᠨᠠᠯᠲᠠ | ᠲᠠᠯᠪᠢᠵᠦ ᠬᠠᠮᠢᠶᠠᠷᠬᠤ ᠠᠴᠠ ᠮᠠᠭᠤ ᠰᠠᠨᠠᠭ᠎ᠠ ᠲᠠᠢ ᠪᠠᠷ ᠵᠠᠶᠢᠯᠠᠵᠤ᠂ ︽ᠰᠦᠢᠳᠭᠡᠯ ᠪᠤᠴᠠᠭᠠᠬᠤ ᠳᠤ ᠬᠦᠴᠢᠷᠲᠡᠶ | ᠪᠠᠶᠢᠬᠤ︾᠂ ︽ᠵᠣᠭᠤᠰ ᠮᠦᠡᠭᠭᠦᠵᠢ ᠨᠢ ᠠᠪᠤᠭᠠᠳ ᠳᠤᠲᠠᠭᠠᠬᠤ︾ ᠠᠰᠠᠭᠤᠳᠠᠯ ᠢ ᠭᠠᠷᠭᠠᠵᠤ ᠪᠠᠶᠢᠨ᠎ᠠ︔ ᠵᠠᠷᠢᠮ | ᠭᠠᠵᠠᠷ ᠣᠷᠣᠨ ᠤ ᠬᠢᠨ ᠰᠢᠨᠵᠢᠯᠡᠭᠡᠨ ᠤ ᠲᠥᠷᠥᠯ ᠤᠨ ᠲᠠᠯᠳᠠ ᠴᠢᠨᠠᠷᠳᠠᠢ ᠬᠡᠯᠪᠡᠷᠢᠵᠢ ᠨᠢ ᠬᠤᠪᠢᠷᠠᠭᠤᠯᠤᠬᠰᠠᠨ | ᠪᠣᠯᠪᠠᠰᠤᠷᠠᠯ ᠢ ᠲᠠᠰᠤᠷᠠᠯᠲᠠ ᠥᠬᠡᠶ ᠬᠢᠵᠦ᠂ ᠶᠡᠭᠡ ᠬᠡᠮᠵᠢᠶᠡᠨ ᠤ ᠪᠣᠯᠪᠠᠰᠤᠷᠠᠯ ᠤᠨ ᠰᠦᠢᠳᠭᠡᠯ ᠬᠤᠷᠢᠶᠠᠵᠤ᠂ | ᠬᠢᠨᠠᠯᠲᠠ ᠬᠠᠮᠢᠶᠠᠷᠤᠯᠲᠠ ᠠᠴᠠ ᠰᠠᠯᠤᠩᠭᠢᠷᠠᠵᠦ᠂ ᠰᠣᠷᠣᠭᠴᠢ ᠵᠢᠴᠢ ᠬᠡᠷ ᠤᠨ ᠠᠬᠠᠮᠠᠳ ᠤᠨ ᠠᠰᠢᠭ ᠲᠤᠰᠠ ᠶᠢ | ᠬᠤᠬᠢᠷᠠᠭᠤᠯᠵᠤ᠂ ᠶᠠᠰᠤ ᠴᠢᠨᠠᠷ ᠪᠠ ᠠᠮᠤᠷ ᠲᠦᠪᠰᠢᠨ ᠤ ᠳᠠᠯᠳᠠ ᠬᠡᠮ ᠠᠪᠴᠢᠷᠠᠵᠤ ᠪᠠᠶᠢᠨ᠎ᠠ᠃ ᠲᠤᠰᠬᠠᠶ | ᠠᠵᠢᠯᠯᠠᠭ᠎ᠠ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠰᠦᠢᠳᠭᠡᠯ ᠲᠤᠰᠢᠶᠠᠬᠤ ᠠᠮᠤᠷ ᠲᠦᠪᠰᠢᠨ ᠪᠠ | ᠪᠣᠯᠪᠠᠰᠤᠷᠠᠯ ᠤᠨ ᠲᠠᠯᠠᠪᠤᠷ ᠤᠨ ᠠᠮᠤᠷ ᠲᠦᠪᠰᠢᠨ ᠢ ᠬᠠᠮᠠᠭᠠᠯᠠᠬᠤ ᠪᠠᠷ ᠭᠤᠤᠯ ᠬᠠᠷᠠᠯᠲᠠ ᠪᠣᠯᠭᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯᠯᠠᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ | ᠤᠬᠠᠭᠠᠨᠴᠢ ᠬᠡᠷᠡᠭᠯᠡᠭᠡ ᠶᠢᠨ ᠤᠶᠢᠯᠠᠭᠠᠬᠳᠠᠬᠤᠨ ᠢ ᠤᠬᠠᠭᠤᠯᠵᠤ᠂ ᠬᠡᠷᠡᠭᠯᠡᠭᠡ ᠶᠢᠨ ᠬᠥᠮᠦᠵᠢᠯ ᠵᠢᠯᠣᠭᠤᠳᠣᠯᠭ᠎ᠠ ᠶᠢ | ᠴᠢᠩᠭᠠᠳᠬᠠᠵᠤ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢ ᠤᠯᠠᠮ ᠴᠢᠨᠠᠬᠰᠢᠳᠠ ᠠᠬᠢᠭᠤᠯᠬᠤ ᠪᠤᠯᠤᠨ᠎ᠠ᠃ | ᠢᠷᠡᠯᠳᠡ᠄ ᠠᠷᠠᠳ ᠤᠨ ᠰᠦᠯᠵᠢᠶ᠎ᠡ |