ᠮᠸᠢᠢᠰᠢ ᠪᠤᠯᠤᠨ ᠬᠥ᠋ ᠠᠶ ᠯᠢᠩ ᠳᠤ ᠪᠠᠶᠠᠷ ᠬᠦᠷᠭᠡᠶ᠎ᠡ︕
ᠨᠡᠶᠢᠲᠡᠯᠡᠭᠰᠡᠨ ᠴᠠᠭ᠄
2023/5/16
      ᠮᠸᠢᠢᠰᠢ ᠯᠤᠷᠧᠨ᠋ᠰ ᠤᠨ ᠬᠠᠮᠤᠭ ᠰᠠᠶᠢᠨ ᠡᠷᠡᠭᠲᠡᠶ ᠲᠠᠮᠢᠷᠴᠢᠨ ᠤ ᠱᠠᠩᠨᠠᠯ ᠢ ᠬᠦᠷᠳᠡᠵᠦ ᠬᠥ᠋ ᠠᠶ ᠯᠢᠩ ᠬᠠᠮᠤᠭ ᠰᠠᠶᠢᠨ ᠲᠤᠶᠢᠯᠰᠢᠷᠡᠯ ᠲᠠᠮᠢᠷᠴᠢᠨ ᠢᠶᠠᠷ ᠦᠨᠡᠯᠡᠭᠳᠡᠪᠡ᠃              8 ᠤ ᠣᠷᠣᠢ᠂ 2023 ᠣᠨ ᠤ ᠯᠤᠷᠧᠨ᠋ᠰ ᠤᠨ ᠳᠡᠯᠡᠬᠡᠶ ᠶᠢᠨ ᠪᠡᠶ᠎ᠡ ᠶᠢᠨ ᠲᠠᠮᠢᠷ ᠤᠨ ᠱᠠᠩᠨᠠᠯ ᠣᠯᠭᠤᠬᠤ ᠶᠣᠰᠣᠯᠠᠯ ᠫᠠᠷᠢᠰ ᠲᠤ ᠶᠠᠪᠤᠭᠳᠠᠵᠤ᠂ ᠠᠷᠭᠧᠨ᠋ᠲ᠋ᠢᠨ ᠤ ᠬᠥᠯ ᠪᠥᠮᠪᠦᠭᠡ ᠶᠢᠨ ᠲᠠᠮᠢᠷᠴᠢᠨ ᠮᠸᠢᠢᠰᠢ ᠬᠠᠮᠤᠭ ᠶᠡᠭᠡ ᠱᠠᠩᠨᠠᠯ ᠬᠦᠷᠳᠡᠭᠴᠢ  ᠪᠣᠯᠪᠠ᠂ ᠲᠡᠷᠡ ᠬᠤᠶᠠᠳᠤᠭᠠᠷ ᠤᠳᠠᠭ᠎ᠠ ᠬᠠᠮᠤᠭ ᠰᠠᠶᠢᠨ ᠡᠷᠡᠭᠲᠡᠶ ᠲᠠᠮᠢᠷᠴᠢᠨ ᠤ ᠱᠠᠩᠨᠠᠯ ᠢ ᠬᠦᠷᠲᠡᠭᠰᠡᠨ ᠢᠶᠠᠷ ᠪᠠᠷᠠᠬᠤ ᠦᠭᠡᠢ᠂ ᠪᠠᠰᠠ ᠲᠡᠭᠦᠨ ᠤ ᠪᠠᠶᠢᠭ᠎ᠠ ᠠᠷᠭᠧᠨ᠋ᠲ᠋ᠢᠨ ᠤ ᠡᠷᠡᠭᠲᠡᠶ ᠶᠢᠨ ᠬᠥᠯ ᠪᠥᠮᠪᠦᠭᠡ ᠶᠢᠨ ᠤᠯᠤᠰ ᠤᠨ ᠠᠩᠭᠢ ᠬᠠᠮᠤᠭ ᠰᠠᠶᠢᠨ ᠪᠦᠯᠬᠦᠮ ᠤᠨ ᠱᠠᠩᠨᠠᠯ ᠬᠦᠷᠲᠡᠪᠡ᠃ ᠳᠤᠮᠳᠠᠳᠤ ᠤᠯᠤᠰ ᠤᠨ ᠴᠢᠯᠥᠭᠡᠲᠦ  ᠴᠡᠨᠡᠯᠡᠯᠳᠡ ᠶᠢᠨ ᠲᠠᠮᠢᠷᠴᠢᠨ᠂ ᠪᠡᠭᠡᠵᠢᠩ ᠤᠨ ᠡᠪᠦᠯ ᠤᠨ  ᠤᠯᠠᠷᠢᠯ ‍ᠤᠨ‌ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠶᠠᠷ ᠠᠯᠲᠠᠨ  ᠮᠧᠳᠠᠯ ᠤᠨ ᠡᠵᠡᠨ  ᠪᠤᠯᠬᠤ ᠭᠦ᠋ ᠠᠢ ᠯᠢᠩ ᠬᠠᠮᠤᠭ ᠰᠠᠶᠢᠨ ᠲᠤᠶᠢᠯᠰᠢᠷᠡᠯ ᠲᠠᠮᠢᠷᠴᠢᠨ ᠤ ᠱᠠᠩᠨᠠᠯ ᠢ ᠲᠤᠰᠴᠠᠢ᠃              ︽ᠯᠤᠷᠧᠨ᠋ᠰ ᠳᠡᠭᠡᠳᠦ ᠰᠤᠷᠭᠠᠭᠤᠯᠢ ᠳᠤ ᠮᠡᠳᠡᠷᠡᠭᠳᠡᠭᠰᠡᠨ ᠳᠡᠭᠡᠨ ᠮᠠᠰᠢ ᠠᠵᠠ ᠲᠠᠢ ᠰᠠᠨᠠᠬᠳᠠᠵᠤ ᠪᠠᠶᠢᠨ᠎ᠠ᠃ ᠨᠠᠳᠠ ᠳᠤ ᠠᠪᠴᠤ ᠬᠡᠯᠡᠪᠡᠯ᠂ ᠱᠠᠩᠨᠠᠯ ᠲᠤᠰᠬᠤ ᠭᠱᠠᠨ ᠵᠠᠭᠤᠷ᠎ᠠ ᠪᠣᠯ ᠮᠠᠰᠢ ᠣᠬᠤᠷᠬᠠᠨ ᠬᠤᠭᠤᠴᠠᠭᠠᠨ ᠤ ᠢᠷᠠᠭᠤ ᠠᠯᠳᠠᠷ ᠶᠤᠮ᠂  ᠭᠡᠪᠡᠴᠦ‌‍ᠲ᠋ᠡᠷᠡ ᠨᠢ ᠮᠢᠨᠦ ᠤᠷᠲᠤ ᠬᠤᠭᠤᠴᠠᠭᠠᠨ ᠤ ᠲᠤᠷᠰᠢ ᠴᠢᠷᠮᠠᠶᠢᠯᠭ᠎ᠠ ᠭᠠᠷᠭᠠᠬᠰᠠᠨ ᠤ ᠬᠡᠷᠡᠴᠢᠯᠡᠯ ᠪᠣᠯᠤᠨ᠎ᠠ︾ ᠭᠡᠵᠦ ᠬᠥ᠋ ᠠᠶ ᠯᠢᠩ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠪᠡ᠃              ︽ᠡᠨᠡ ᠪᠣᠯ ᠮᠢᠨᠦ ᠠᠩᠬ᠎ᠠ ᠤᠳᠠᠭ᠎ᠠ ᠭᠠᠭᠴᠠᠭᠠᠷ ᠡᠳ᠋ᠯᠡᠵᠦ ᠪᠠᠶᠢᠭ᠎ᠠ ᠯᠤᠷᠧᠨ᠋ᠰ ᠤᠨ ᠣᠨ ᠤ ᠬᠠᠮᠤᠭ ᠰᠠᠶᠢᠨ ᠡᠷᠡᠭᠲᠡᠶ ᠲᠠᠮᠢᠷᠴᠢᠳ ᠤᠨ ᠱᠠᠩᠨᠠᠯ ᠪᠤᠯᠤᠨ᠎ᠠ᠂ ᠥᠩᠭᠡᠷᠡᠭᠰᠡᠨ ᠨᠢᠭᠡ ᠵᠢᠯ ᠳᠤ ᠪᠢᠳᠡ ᠳᠡᠯᠡᠬᠡᠶ ᠶᠢᠨ ᠬᠤᠨᠳᠠᠭᠠᠲᠤ ᠬᠥᠯ  ᠪᠥᠮᠪᠦᠭᠡ ᠶᠢᠨ ᠤᠷᠤᠯᠳᠤᠭᠠᠨ ᠲᠡᠭᠡᠷ᠎ᠡ ᠤᠳᠠᠭᠠᠨ ᠵᠢᠯ ᠬᠦᠰᠡᠭᠰᠡᠭᠡᠷ ᠢᠷᠡᠭᠰᠡᠨ ᠳᠡᠯᠡᠬᠡᠶ ᠶᠢᠨ ᠬᠤᠨᠳᠠᠭᠠᠲᠤ ᠶᠢᠨ ᠮᠠᠩᠯᠠᠶ ᠪᠠᠷ ᠡᠴᠦᠰ ᠲᠡᠭᠡᠨ ᠰᠢᠯᠭᠠᠷᠠᠵᠤ᠂ ᠯᠤᠷᠧᠨ᠋ᠰ ᠱᠠᠩᠨᠠᠯ ᠢ ᠣᠯᠤᠭᠰᠠᠨ ᠨᠢ ᠨᠢᠭᠡᠨ ᠮᠠᠰᠢ ᠶᠡᠭᠡ ᠢᠷᠠᠭᠤ ᠠᠯᠳᠠᠷ ᠪᠣᠯᠤᠨ᠎ᠠ︾ ᠭᠡᠵᠦ ᠮᠸᠢᠢᠰᠢ ᠬᠡᠯᠡᠵᠠᠢ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1