ᠳᠤᠮᠳᠠᠳᠤ ᠤᠯᠤᠰ ᠤᠨ ᠨᠡᠷᠡᠲᠦ ᠲᠡᠮᠳᠡᠭᠲᠦ ᠶᠢᠨ ᠡᠳᠦᠷ ᠲᠤ ᠵᠣᠷᠢᠭᠤᠯᠤᠭᠰᠠᠨ ᠬᠡᠪᠯᠡᠯ ᠮᠡᠳᠡᠭᠡᠯᠡᠯ ᠤᠨ ᠠᠵᠢᠯᠯᠠᠭ᠎ᠠ ᠪᠡᠭᠡᠵᠢᠩ ᠳᠤ ᠪᠣᠯᠵᠠᠢ
ᠨᠡᠶᠢᠲᠡᠯᠡᠭᠰᠡᠨ ᠴᠠᠭ᠄
2023/5/16
      ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠠᠴᠠ ᠡᠷᠬᠢᠯᠡᠭᠰᠡᠨ ︽ᠨᠡᠷᠡᠲᠦ ᠲᠡᠮᠳᠡᠭᠲᠦ ᠶᠢᠨ ᠬᠦᠴᠦᠷᠬᠡᠭ ᠤᠯᠤᠰ ᠤᠨ ᠲᠥᠰᠥᠯ᠂ ᠬᠠᠮᠲᠤ ᠶᠢᠨ ᠬᠠᠷᠢᠴᠠᠭ᠎ᠠ ᠬᠤᠯᠪᠣᠭ᠎ᠠ ᠶᠢ ᠴᠣᠭᠴᠠᠯᠠᠵᠤ᠂ ᠴᠢᠨᠠᠷᠯᠢᠭ ᠬᠥᠭᠵᠢᠯᠲᠡ ᠶᠢ ᠠᠬᠢᠭᠤᠯᠤᠶ᠎ᠠ︾ ᠭᠡᠰᠡᠨ ᠭᠤᠣᠯ ᠰᠡᠳᠦᠪ ᠲᠠᠢ ︽5 ᠰᠠᠷ᠎ᠠ ᠶᠢᠨ 10   ᠤ  ᠳᠤᠮᠳᠠᠳᠤ  ᠤᠯᠤᠰ  ᠤᠨ ᠨᠡᠷᠡᠲᠦ ᠲᠡᠮᠳᠡᠭᠲᠦ ᠶᠢᠨ  ᠡᠳᠦᠷ ᠲᠤ ᠵᠣᠷᠢᠭᠤᠯᠤᠭᠰᠠᠨ ᠬᠡᠪᠯᠡᠯ ᠮᠡᠳᠡᠭᠡᠯᠡᠯ ᠤᠨ ᠠᠵᠢᠯᠯᠠᠭ᠎ᠠ︾ 5 ᠳ᠋ᠤᠭᠠᠷ ᠰᠠᠷ᠎ᠠ ᠶᠢᠨ 9 ᠤ ᠡᠳᠦᠷ ᠪᠡᠭᠡᠵᠢᠩ ᠳᠤ  ᠪᠣᠯᠣᠭᠰᠠᠨ ᠪᠠᠶᠢᠨ᠎ᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ   ᠤ ᠳᠠᠷᠤᠭ᠎ᠠ ᠱᠧᠨ ᠬᠠᠢ ᠰᠢᠶᠦ᠋ᠩ᠂ ᠤᠯᠤᠰ ᠤᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ  ᠶᠡᠷᠦᠩᠬᠡᠢ  ᠲᠣᠪᠴᠢᠶᠠᠨ ᠤ ᠳᠠᠷᠤᠭ᠎ᠠ ᠯᠦᠸᠧ ᠸᠧᠨ ᠶᠣᠰᠣᠯᠠᠯ ᠳᠤ ᠣᠷᠣᠯᠴᠠᠵᠤ ᠦᠭᠡ ᠬᠡᠯᠡᠭᠰᠡᠨ ᠪᠠᠶᠢᠨ᠎ᠠ᠃                               ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ︽ᠨᠡᠷᠡᠲᠦ  ᠲᠡᠮᠳᠡᠭᠲᠦ ᠶᠢᠨ ᠬᠦᠴᠦᠷᠬᠡᠭ ᠤᠯᠤᠰ  ᠤᠨ ᠲᠥᠰᠥᠯ︾ ᠢ ᠬᠡᠷᠡᠭᠵᠢᠭᠦᠯᠦᠭᠰᠡᠨ ᠳᠥᠷᠪᠡᠨ ᠵᠢᠯ ᠤᠨ ᠲᠤᠷᠰᠢ᠂ ᠬᠠᠮᠲᠤᠷᠠᠭᠰᠠᠨ ᠨᠡᠷᠡᠲᠦ ᠲᠡᠮᠳᠡᠭᠲᠦ ᠶᠢᠨ ᠠᠵᠢᠯ  ᠤᠨ ᠪᠦᠲᠦᠮᠵᠢ ᠶᠢᠨ ᠨᠡᠮᠡᠭᠳᠡᠯ ᠢ ᠬᠦᠴᠦᠲᠡᠢ ᠠᠬᠢᠭᠤᠯᠵᠤ᠂ ᠰᠢᠭᠰᠢᠯᠲᠡ ᠳᠤ ᠪᠠᠭᠲᠠᠭᠰᠠᠨ ᠠᠵᠤ ᠠᠬᠤᠶᠢᠯᠠᠯ ᠤᠳ  ᠲᠤ ᠬᠠᠪᠰᠤᠷᠴᠤ ᠨᠡᠷᠡᠲᠦ ᠲᠡᠮᠳᠡᠭᠲᠦ ᠶᠢᠨ ᠡᠯ᠎ᠡ ᠨᠡᠷ᠎ᠡ ᠨᠥᠯᠥᠭᠡ ᠲᠠᠢ ᠵᠢᠭᠰᠠᠭᠠᠯᠲᠠ ᠳᠠᠬᠢ ᠳ᠋ᠤᠭᠠᠷ ᠢ ᠨᠢ ᠳᠡᠭᠡᠭᠰᠢᠯᠡᠭᠦᠯᠵᠦ᠂ ᠳᠣᠲᠣᠭᠠᠳᠤ  ᠬᠡᠷᠡᠭᠴᠡᠭᠡ ᠶᠢ ᠪᠦᠲᠦᠮᠵᠢᠲᠡᠢ ᠥᠷᠭᠡᠳᠬᠡᠨ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠳᠤ  ᠦᠢᠯᠡᠴᠢᠯᠡᠵᠦ᠂  ᠡᠬᠡ ᠣᠷᠣᠨ ᠠᠷᠠᠳ ᠲᠦᠮᠡᠨ ᠢᠶᠠᠨ ᠰᠡᠳᠬᠢᠯ ᠳᠡᠭᠡᠨ ᠲᠡᠭᠡᠭᠡᠵᠦ᠂ ᠣᠯᠠᠨ ᠲᠦᠮᠡᠨ ᠤ ᠠᠮᠢᠳᠤᠷᠠᠯ ᠳᠤ ᠪᠤᠶᠠᠨ ᠵᠢᠷᠭᠠᠯ ᠨᠡᠮᠡᠷᠢᠯᠡᠭᠰᠡᠨ ᠪᠠᠶᠢᠨ᠎ᠠ᠃ ᠢᠷᠡᠭᠡᠳᠦᠢ ᠳᠤ᠂ ᠶᠡᠷᠦᠩᠬᠡᠢ ᠬᠤᠷᠢᠶ᠎ᠠ ᠡᠯ᠎ᠡ ᠶᠠᠮᠤᠨ ᠺᠣᠮᠢᠰ ᠪᠣᠯᠣᠨ ᠠᠵᠤ ᠠᠬᠤᠶᠢᠯᠠᠯ ᠤᠳ ᠲᠠᠢ ᠦᠷᠭᠦᠯᠵᠢᠯᠡᠨ ᠨᠢᠭᠲᠠ ᠬᠠᠮᠲᠤᠷᠠᠨ ᠠᠵᠢᠯᠯᠠᠵᠤ᠂ ᠬᠡᠪᠯᠡᠯ ᠮᠡᠳᠡᠭᠡᠯᠡᠯ ᠤᠨ ᠣᠯᠠᠨ ᠠᠷᠭ᠎ᠠ ᠬᠡᠯᠪᠡᠷᠢ ᠪᠠᠷ  ᠰᠤᠷᠲᠠᠯᠴᠢᠯᠠᠨ  ᠲᠦᠭᠡᠭᠡᠬᠦ ᠦᠢᠯᠡᠴᠢᠯᠡᠭᠡᠨ ᠤ ᠠᠷᠭ᠎ᠠ ᠲᠥᠰᠥᠯ ᠢᠶᠠᠨ ᠦᠷᠭᠦᠯᠵᠢᠯᠡᠨ ᠰᠠᠶᠢᠵᠢᠷᠠᠭᠤᠯᠤᠨ ᠪᠠᠶᠠᠵᠢᠭᠤᠯᠵᠤ᠂ ᠬᠤᠯᠠ ᠣᠶᠢᠷ᠎ᠠ ᠳᠠᠭᠠᠨ ᠠᠯᠳᠠᠷᠰᠢᠨ ᠳᠠᠭᠤᠷᠢᠰᠤᠭᠰᠠᠨ ᠨᠢᠭᠡ ᠪᠦᠯᠦᠭ ᠤᠯᠤᠰ ᠤᠨ ᠳᠡᠰ ᠤᠨ ᠨᠡᠷᠡᠲᠦ ᠲᠡᠮᠳᠡᠭᠲᠦ ᠶᠢ ᠬᠠᠮᠲᠤ ᠪᠠᠷ ᠪᠣᠢ ᠪᠣᠯᠭᠠᠵᠤ᠂ ᠰᠢᠨ᠎ᠡ ᠴᠠᠭ ᠦᠶ᠎ᠡ ᠶᠢᠨ ᠰᠢᠨ᠎ᠡ ᠵᠠᠮᠨᠠᠯ ᠳᠠᠬᠢ ᠳᠤᠮᠳᠠᠳᠤ ᠤᠯᠤᠰ ᠤᠨ ᠨᠡᠷᠡᠲᠦ ᠲᠡᠮᠳᠡᠭᠲᠦ ᠶᠢᠨ ᠦᠯᠢᠭᠡᠷ ᠦᠢᠯᠡ  ᠶᠠᠪᠤᠳᠠᠯ ᠢ ᠬᠠᠮᠲᠤ ᠪᠠᠷ ᠲᠤᠭᠤᠷᠪᠢᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠨᠡᠷᠡᠲᠦ ᠲᠡᠮᠳᠡᠭᠲᠦ ᠶᠢᠨ ᠳᠠᠭᠤᠨ ᠬᠤᠭᠤᠯᠠᠢ ᠶᠢ ᠬᠦᠷᠭᠡᠬᠦ ᠪᠣᠯᠣᠨ᠎ᠠ᠃                              ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ 2023 ᠣᠨ ᠤ ︽ᠨᠡᠷᠡᠲᠦ  ᠲᠡᠮᠳᠡᠭᠲᠦ ᠶᠢᠨ ᠬᠦᠴᠦᠷᠬᠡᠭ ᠤᠯᠤᠰ ᠤᠨ ᠲᠥᠰᠥᠯ︾ ᠤᠨ ᠰᠠᠨᠠᠭᠠᠴᠢᠯᠠᠭ᠎ᠠ ᠶᠢ ᠨᠡᠶᠢᠲᠡᠯᠡᠭᠰᠡᠨ ᠪᠠᠶᠢᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1