ᠡᠳᠡᠭᠡᠷ ᠨᠤᠲᠤᠭ ᠢᠶᠠᠷ ᠭᠠᠩ ᠲᠠᠢ ᠪᠠᠶᠢᠨ᠎ᠠ
ᠨᠡᠶᠢᠲᠡᠯᠡᠭᠰᠡᠨ ᠴᠠᠭ᠄
2023/5/16
      ᠥᠪᠥᠷ ᠮᠣᠩᠭᠤᠯ ᠤᠨ ᠴᠠᠭ ᠠᠭᠤᠷ ᠤᠨ ᠰᠲ᠋ᠠᠨᠽ ᠤᠨ ᠮᠡᠳᠡᠭᠡ ᠶᠢ ᠦᠨᠳᠦᠰᠦᠯᠡᠪᠡᠯ᠂ 5 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠬᠤᠷ᠎ᠠ ᠲᠤᠨᠤᠳᠠᠰᠤᠨ ᠤ ᠬᠡᠮᠵᠢᠶ᠎ᠡ 0~40.8 ᠮᠢᠯᠢᠮᠧᠲᠷ ᠤᠨ ᠬᠤᠭᠤᠷᠣᠨᠳᠣ  ᠪᠠᠶᠢᠵᠤ᠂ ᠡᠭᠦᠨ ᠳᠤ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠡᠮᠦᠨᠡᠲᠦ ᠬᠡᠰᠡᠭ᠂ ᠲᠦᠩᠯᠢᠶᠣᠤ  ᠬᠤᠲᠠ ᠶᠢᠨ  ᠵᠡᠭᠦᠨ  ᠬᠡᠰᠡᠭ ᠤᠨ  ᠭᠠᠵᠠᠷ ᠣᠷᠣᠨ ᠳᠤ ᠬᠤᠷ᠎ᠠ ᠲᠣᠨᠣᠳᠠᠰᠤ ᠪᠠᠭᠤᠭᠰᠠᠨ ᠥᠬᠡᠶ᠃ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠥᠪᠥᠷ ᠮᠣᠩᠭᠤᠯ ᠤᠨ ᠬᠤᠷ᠎ᠠ ᠲᠤᠨᠤᠳᠠᠰᠤᠨ ᠤ ᠲᠠᠷᠬᠠᠯᠲᠠ ᠲᠡᠭᠰᠢ ᠪᠤᠰᠤ᠂ ᠵᠡᠭᠦᠨ ᠬᠡᠰᠡᠭ ᠤᠨ ᠬᠤᠷ᠎ᠠ ᠲᠤᠨᠤᠳᠠᠰᠤᠨ ᠤ ᠬᠡᠮᠵᠢᠶ᠎ᠡ ᠪᠠᠭ᠎ᠠ ᠰᠢᠭ᠋ ᠪᠠᠶᠢᠨ᠎ᠠ᠃                                      ᠥᠪᠥᠷ ᠮᠣᠩᠭᠤᠯ ᠤᠨ ᠪᠥᠬᠦ ᠣᠷᠣᠨ ᠤ ᠭᠠᠩ ᠬᠠᠭᠰᠠᠷᠠᠭᠠᠨ ᠤ ᠲᠠᠯᠠᠪᠠᠶ 56.49 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠥᠬᠦ ᠲᠠᠯᠠᠪᠠᠶ ᠶᠢᠨ 56.8% ᠶᠢ ᠡᠵᠡᠯᠡᠪᠡ᠃ ᠣᠳᠣᠬᠠᠨ ᠳᠤ ᠭᠠᠩᠳᠠᠭᠰᠠᠨ ᠲᠠᠯᠠᠪᠠᠢ ᠨᠢ ᠮᠠᠯᠵᠢᠬᠤ ᠣᠷᠣᠨ ᠤ ᠵᠢᠷᠭᠤᠭᠠᠨ ᠬᠤᠪᠢ ᠶᠢ ᠳᠠᠪᠠᠵᠤ᠂ ᠲᠠᠷᠢᠶᠠᠯᠠᠬᠤ ᠣᠷᠣᠨ ᠤ ᠲᠠᠪᠤᠨ ᠬᠤᠪᠢ ᠶᠢ  ᠳᠠᠪᠠᠵᠤ᠂  ᠰᠢᠭᠤᠶᠢᠲᠤ  ᠣᠷᠣᠨ ᠤ ᠬᠤᠶᠠᠷ ᠬᠤᠪᠢ ᠶᠢ ᠡᠵᠡᠯᠡᠵᠦ᠂ ᠮᠠᠯᠵᠢᠬᠤ ᠣᠷᠣᠨ᠂ ᠲᠠᠷᠢᠶᠠᠯᠠᠬᠤ ᠣᠷᠣᠨ ᠪᠠ ᠰᠢᠭᠤᠶᠢᠲᠤ ᠣᠷᠣᠨ ᠳᠤ  ᠴᠥᠮ  ᠪᠠᠭ᠎ᠠ  ᠰᠠᠭ᠎ᠠ ᠭᠠᠩ ᠬᠠᠭᠰᠠᠷᠠᠭᠠᠨ ᠪᠣᠯᠵᠤ ᠪᠠᠶᠢᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1