︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾᠄ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠰᠠᠶᠢᠲᠤᠷ ᠲᠣᠬᠢᠷᠠᠭᠤᠯᠤᠨ ᠨᠠᠷᠢᠯᠢᠭ ᠣᠨᠣᠴᠠᠲᠠᠢ ᠪᠠᠷ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/17
      ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭᠴᠦᠳ ᠤᠨ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠨ᠂ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 5 ᠳ᠋ᠤᠭᠠᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠷ᠎ᠠ ᠤᠰᠤ ᠲᠣᠰᠬᠤᠨ ᠳᠤ ︽ᠲᠣᠭᠲᠠᠬᠤ ᠰᠢᠶᠠᠨ ᠤ ᠪᠠᠯᠭᠠᠰᠤ᠂ ᠲᠣᠰᠬᠤᠨ ᠤ ᠲᠤᠰᠠᠯᠠᠬᠤ ᠪᠠᠭᠠᠵᠢ ᠶᠢ ᠲᠣᠬᠢᠷᠠᠭᠤᠯᠬᠤ ᠵᠢᠱᠢᠶ᠎ᠡ ᠦᠵᠡᠭᠦᠯᠬᠦ ᠴᠡᠭ︾᠂ ︽ᠰᠢᠷ᠎ᠠ ᠤᠰᠤ  ᠲᠣᠰᠬᠤᠨ ᠤ ᠡᠷᠡᠭᠦᠯᠵᠢᠯ ᠤᠨ ᠪᠣᠯᠪᠠᠰᠤᠷᠠᠯ ᠤᠨ ᠦᠷᠦᠭᠡ︾ ᠫᠠᠶᠢᠰᠠ ᠡᠯᠭᠦᠬᠦ ᠶᠣᠰᠣᠯᠠᠯ ᠶᠠᠪᠤᠭᠤᠯᠵᠤ᠂ ᠰᠢᠷ᠎ᠠ ᠤᠰᠤ ᠲᠣᠰᠬᠤᠨ ᠤ ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠪᠣᠯᠣᠨ ᠡᠷᠡᠭᠦᠯᠵᠢᠯ ᠤᠨ ᠪᠣᠯᠪᠠᠰᠤᠷᠠᠯ ᠤᠨ ᠪᠠᠭᠠᠵᠢ ᠬᠡᠷᠡᠭᠰᠡᠯ ᠢ ᠬᠦᠷᠭᠡᠪᠡ᠃      ᠰᠢᠷ᠎ᠠ ᠤᠰᠤ ᠲᠣᠰᠬᠤᠨ ᠪᠣᠯ ᠪᠦᠬᠦ ᠰᠢᠶᠠᠨ ᠤ ᠵᠡᠮᠳᠡᠭᠴᠦᠳ ᠤᠨ ᠲᠤᠭ᠎ᠠ ᠪᠠᠷ ᠬᠠᠮᠤᠭ ᠤᠨ ᠤᠯᠠᠨ ᠲᠣᠰᠬᠤᠨ ᠤ ᠨᠢᠭᠡ ᠪᠣᠯᠣᠨ᠎ᠠ᠂ ᠠᠳᠡ ᠮᠠᠨ ᠤ ᠰᠢᠶᠠᠨ ᠤ ᠨᠢᠭᠡᠳᠦᠭᠡᠷ ᠪᠠᠯᠭᠠᠰᠤ᠂ ᠲᠣᠰᠬᠤᠨ ᠤ ᠳᠡᠰ ᠤᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠴᠡᠭ ᠪᠣᠯᠣᠨ ᠡᠷᠡᠭᠦᠯᠵᠢᠯ ᠤᠨ ᠪᠣᠯᠪᠠᠰᠤᠷᠠᠯ ᠤᠨ ᠦᠷᠦᠬᠡ ᠶᠢ ᠪᠠᠶᠢᠭᠤᠯᠬᠤ ᠨᠢ ᠡᠷᠡᠭᠦᠯᠵᠢᠯ ᠤᠨ ᠦᠢᠯᠡᠴᠢᠯᠡᠭᠡ ᠶᠢ ᠨᠡᠩ ᠣᠶᠢᠷᠠᠲᠤᠭᠤᠯᠬᠤ ᠶᠢ ᠠᠬᠢᠭᠤᠯᠬᠤ ᠳᠤ ᠬᠡᠷᠡᠭᠴᠡᠭᠡ ᠱᠠᠭᠠᠷᠳᠠᠯᠭ᠎ᠠ ᠲᠠᠢ ᠤᠯᠠᠨ ᠲᠦᠮᠡᠨ ᠳᠤ ᠴᠢᠬᠤᠯᠠ ᠵᠢᠱᠢᠶ᠎ᠡ ᠦᠵᠡᠭᠦᠯᠬᠦ ᠦᠢᠯᠡᠳᠦᠯ ᠲᠠᠢ ᠶᠤᠮ᠃      ᠫᠠᠶᠢᠰᠠ ᠡᠯᠭᠦᠬᠦ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠤᠯᠠᠨ ᠲᠦᠮᠡᠨ ︽ᠲᠣᠭᠲᠠᠬᠤ ᠰᠢᠶᠠᠨ ᠤ ᠪᠠᠯᠭᠠᠰᠤ᠂ ᠲᠣᠰᠬᠤᠨ ᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠴᠡᠭ︾᠂ ︽ᠰᠢᠷ᠎ᠠ ᠤᠰᠤ ᠲᠣᠰᠬᠤᠨ ᠤ ᠡᠷᠡᠭᠦᠯᠵᠢᠯ ᠤᠨ ᠪᠣᠯᠪᠠᠰᠤᠷᠠᠯ ᠤᠨ ᠦᠷᠦᠬᠡ︾ ᠶᠢ ᠡᠬᠢᠯᠡᠵᠦ ᠬᠡᠷᠡᠭᠯᠡᠭᠰᠡᠨ ᠢ ᠪᠠᠶᠠᠷᠯᠠᠨ ᠤᠭᠲᠤᠵᠤ᠂ ᠡᠷᠡᠭᠦᠯᠵᠢᠯ ᠤᠨ ᠪᠣᠯᠪᠠᠰᠤᠷᠠᠯ ᠤᠨ ᠦᠷᠦᠬᠡ ᠶᠢ ᠡᠬᠢᠯᠡᠵᠦ ᠬᠡᠷᠡᠭᠯᠡᠭᠰᠡᠨ ᠨᠢ ᠵᠡᠮᠳᠡᠭᠴᠦᠳ ᠤᠨ ᠡᠷᠡᠭᠦᠯᠵᠢᠯ ᠤᠨ ᠨᠥᠬᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠵᠤ᠂ ᠨᠡᠩ ᠤᠯᠠᠨ ᠵᠡᠮᠳᠡᠭᠴᠦᠳ ᠲᠤ ᠰᠢᠯᠢᠳᠡᠭ ᠡᠷᠡᠭᠦᠯᠵᠢᠯ ᠤᠨ ᠦᠢᠯᠡᠴᠢᠯᠡᠭᠡ ᠬᠦᠷᠲᠡᠭᠡᠵᠦ᠂ ᠰᠢᠶᠠᠨ᠂ ᠪᠠᠯᠭᠠᠰᠤ᠂ ᠲᠣᠰᠬᠤᠨ ᠤ ᠵᠡᠮᠳᠡᠭᠴᠦᠳ ᠤᠨ ᠠᠵᠢᠯ ᠢ ᠨᠤᠲᠠᠯᠠᠪᠠ᠃      ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠰᠠ ᠥᠪᠥᠷ ᠮᠣᠩᠭᠤᠯ ᠤᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠠᠮᠲᠤᠷᠠᠵᠤ᠂ ᠰᠢᠷ᠎ᠠ ᠤᠰᠤ ᠲᠣᠰᠬᠤᠨ ᠳᠤ 2023 ᠣᠨ ᠤ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠲᠠᠷᠬᠠᠭᠠᠬᠤ ᠶᠣᠰᠣᠯᠠᠯ ᠶᠠᠪᠤᠭᠤᠯᠵᠤ᠂ 100 ᠰᠢᠬᠠᠮ ᠵᠡᠮᠳᠡᠭᠴᠦᠳ ᠵᠢᠴᠢ ᠭᠡᠷ ᠪᠦᠯᠢ ᠳᠤ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠪᠣᠳᠠᠰ ᠪᠠ ᠵᠡᠮᠳᠡᠭᠴᠦᠳ ᠢ ᠲᠤᠰᠠᠯᠠᠬᠤ ᠳᠤᠷᠠᠰᠬᠠᠯ ᠤᠨ ᠪᠣᠳᠠᠰ ᠲᠦᠭᠡᠭᠡᠪᠡ᠃ ᠡᠭᠦᠨ ᠤ ᠬᠠᠮᠲᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠲᠡᠭᠦᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠬᠤᠯᠪᠤᠭᠠᠯᠠᠨ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠢᠯᠠᠩᠭᠤᠶ᠎ᠠ ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 600 ᠭᠠᠷᠤᠢ ᠬᠤᠪᠢ ᠲᠠᠷᠬᠠᠭᠠᠵᠤ᠂ 30 ᠭᠠᠷᠤᠢ ᠵᠡᠮᠳᠡᠭᠴᠦᠳ ᠤᠨ ᠲᠥᠯᠥᠭᠡᠯᠡᠭᠴᠢᠳ ᠲᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠬᠠᠮᠲᠤ ᠳ᠋ᠦᠩᠨᠡᠯᠲᠡ ᠬᠢᠵᠦ᠂ 2012 ︱ 2022 ᠣᠨ ᠤ ᠲᠣᠭᠲᠠᠬᠤ ᠰᠢᠶᠠᠨ ᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠭᠡᠯ ᠢ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠪᠠᠰᠠ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠦᠴᠦᠲᠡᠢ ᠳᠡᠮᠵᠢᠯᠭᠡ ᠶᠢ ᠣᠯᠵᠤ᠂ ᠰᠢᠷ᠎ᠠ ᠤᠰᠤ ᠲᠣᠰᠬᠤᠨ ᠳᠤ ᠨᠡᠶᠢᠲᠡ 6 ᠵᠦᠢᠯ ᠤᠨ 108 ᠵᠦᠢᠯ ᠤᠨ ᠲᠤᠰᠠᠯᠠᠬᠤ ᠪᠠᠭᠠᠵᠢ᠂ ᠡᠷᠡᠭᠦᠯᠵᠢᠭᠦᠯᠬᠦ ᠪᠣᠯᠪᠠᠰᠤᠷᠠᠯ ᠤᠨ ᠪᠠᠭᠠᠵᠢ  ᠪᠠᠷᠤᠭ 6 ᠲᠦᠮᠡᠨ ᠲᠥᠭᠦᠷᠢᠭ ᠤᠨ ᠥᠷᠲᠡᠭ ᠪᠦᠬᠦᠢ 6 ᠲᠦᠷᠦᠯ ᠤᠨ 10 ᠵᠦᠢᠯ ᠤᠨ ᠪᠣᠯᠪᠠᠰᠤᠷᠠᠯ ᠤᠨ ᠪᠠᠭᠠᠵᠢ ᠬᠠᠨᠳᠢᠪᠯᠡᠪᠠ᠃ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1