ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠦᠷᠢᠵᠢᠭᠤᠯᠵᠦ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠰᠢᠶᠠᠨ ᠤ ᠱᠠᠲᠤᠨ ᠤ | ᠠᠵᠢᠯᠴᠢᠨ ᠤ ᠡᠪᠯᠡᠯ ᠢ ᠴᠢᠩᠭᠠᠳᠬᠠᠬᠤ ᠣᠨ︾ ᠤ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ | ᠪᠣᠯᠭᠠᠵᠤ᠂ ᠰᠤᠷᠭᠠᠨ ᠬᠥᠮᠦᠵᠢᠯ ᠤᠨ ᠡᠲᠡᠭᠡᠳ ᠤᠨ ᠠᠵᠢᠯᠲᠠᠨ ᠠᠵᠢᠯᠴᠢᠨ ᠤ ᠲᠤᠰᠬᠠᠶᠢᠵᠢᠭᠰᠠᠨ ᠪᠣᠶᠢᠵᠢᠯᠲᠠ ᠶᠢ | ᠠᠬᠢᠭᠤᠯᠬᠤ ᠳᠤ ᠰᠠᠭᠤᠷᠢᠯᠠᠵᠤ᠂ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠨᠢ ᠯᠠᠪᠳᠠᠭᠤᠨ᠂ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠠᠵᠢᠯᠲᠠᠨ ᠤ ᠡᠩᠨᠡᠭᠡ ᠶᠢ ᠪᠠᠶᠢᠭᠤᠯᠬᠤ ᠶᠢᠨ ᠲᠦᠯᠦᠭᠡ᠂ | ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠲᠣᠭᠲᠠᠬᠤ ᠰᠢᠶᠠᠨ ᠤ ᠵᠠᠯᠠᠭᠤᠴᠤᠳ | ᠪᠠᠭᠠᠴᠤᠳ ᠤᠨ ᠣᠷᠳᠣᠨ ᠲᠠᠢ ᠬᠠᠮᠲᠤᠷᠠᠨ 2023 ᠣᠨ ᠤ ᠲᠣᠭᠲᠠᠬᠤ ᠰᠢᠶᠠᠨ ᠤ ᠬᠡᠦᠬᠡᠳ ᠤᠨ ᠴᠡᠴᠡᠷᠯᠢᠭ ᠤᠨ | ᠪᠠᠭᠰᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠪᠡ᠃ | | | | | | | | ᠲᠣᠰ ᠤᠳᠠᠭᠠᠨ ᠤ ᠤᠷᠤᠯᠳᠤᠭᠠᠨ ᠳᠤ ᠴᠢᠪᠬᠠᠳᠠᠰᠤᠲᠤ ᠳᠠᠭᠤᠤ᠂ ᠪᠥᠵᠢᠭ᠂ ᠭᠠᠷ ᠤᠷᠠᠯᠠᠯ᠂ ᠵᠢᠷᠤᠭ | ᠵᠢᠷᠤᠬᠤ᠂ ᠥᠯᠢᠭᠡᠷ ᠶᠠᠷᠢᠬᠤ ᠵᠡᠷᠭᠡ 5 ᠵᠦᠢᠯ ᠤᠨ ᠤᠷᠤᠯᠳᠤᠭᠠᠨ ᠤ ᠠᠭᠤᠯᠭ᠎ᠠ ᠬᠤᠪᠢᠶᠠᠵᠤ᠂ ᠪᠠᠭᠰᠢ ᠶᠢᠨ | ᠥᠪᠡᠷ ᠢ ᠪᠠᠨ ᠢᠯᠡᠷᠡᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ᠂ ᠥᠪᠡᠷ ᠢ ᠪᠠᠨ | ᠳᠠᠪᠠᠭᠰᠠᠨ ᠤ ᠢᠯᠡᠷᠡᠯ ᠪᠣᠯᠣᠨ᠎ᠠ᠃ ᠤᠷᠤᠯᠳᠤᠭᠠᠨ ᠤ ᠬᠡᠯᠪᠡᠷᠢ ᠪᠠᠷ ᠳᠠᠮᠵᠢᠭᠤᠯᠤᠨ ᠪᠠᠭᠰᠢ ᠨᠠᠷ ᠤᠨ ᠬᠤᠭᠤᠷᠣᠨᠳᠣᠬᠢ | ᠲᠤᠰᠬᠠᠢ ᠮᠡᠷᠭᠡᠵᠢᠯ ᠤᠨ ᠰᠣᠯᠢᠯᠴᠠᠭ᠎ᠠ ᠶᠢ ᠨᠡᠮᠡᠭᠳᠡᠭᠦᠯᠬᠦ ᠳᠤ ᠠᠰᠢᠭᠲᠠᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ | ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠠᠬᠢᠭᠤᠯᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ | ᠬᠡᠪ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ᠃ | | | | | | | | ᠲᠣᠰ ᠤᠳᠠᠭᠠᠨ ᠤ ᠤᠷᠤᠯᠳᠤᠭᠠᠨ ᠨᠢ ᠪᠥᠬᠦ ᠰᠢᠶᠠᠨ ᠤ ᠬᠡᠦᠬᠡᠳ ᠤᠨ ᠴᠡᠴᠡᠷᠯᠢᠭ ᠤᠨ ᠵᠠᠯᠠᠭᠤ ᠪᠠᠭᠰᠢ | ᠨᠠᠷ ᠲᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠨ ᠠᠬᠢᠭᠤᠯᠬᠤ᠂ ᠬᠠᠷᠢᠯᠴᠠᠨ ᠨᠡᠪᠲᠡᠷᠡᠯᠴᠡᠨ | ᠰᠤᠷᠤᠯᠴᠠᠬᠤ ᠲᠠᠪᠴᠠᠩ ᠪᠠᠶᠢᠭᠤᠯᠵᠤ ᠥᠭᠴᠡᠢ ᠭᠡᠵᠦ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠬᠤᠶᠢᠨ᠎ᠠ | ᠬᠤᠶᠢᠨ᠎ᠠ ᠠᠴᠠ ᠪᠠᠨ ᠢᠯᠡᠷᠬᠡᠶᠢᠯᠡᠵᠡᠢ᠃ ᠡᠭᠦᠨ ᠤ ᠵᠡᠷᠭᠡ ᠳᠤ ᠲᠡᠳᠡ ᠪᠠᠰᠠ ᠥᠪᠡᠷ ᠤᠨ ᠪᠡᠶ᠎ᠡ ᠳᠡᠭᠡᠨ ᠣᠷᠣᠰᠢᠵᠤ | ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠪᠠᠨ ᠣᠯᠵᠤ ᠬᠠᠷᠠᠨ᠂ ᠲᠤᠬᠠᠶᠢᠯᠠᠭᠰᠠᠨ ᠠᠵᠢᠯ ᠤᠨ ᠰᠢᠯᠭᠠᠷᠠᠭᠰᠠᠨ | ᠤᠷ᠎ᠠ ᠴᠢᠳᠠᠪᠤᠷᠢ ᠪᠣᠯ ᠰᠠᠶ᠋ᠢ ᠬᠡᠦᠬᠡᠳ ᠤᠨ ᠴᠡᠴᠡᠷᠯᠢᠭ ᠤᠨ ᠡᠯ᠎ᠡ ᠵᠦᠢᠯ ᠤᠨ ᠠᠵᠢᠯ ᠢ ᠥᠷᠨᠢᠭᠦᠯᠬᠦ ᠶᠢᠨ ᠰᠠᠭᠤᠷᠢ | ᠪᠠ ᠤᠷᠢᠲᠠᠯ ᠮᠥᠨ ᠭᠡᠳᠡᠭ ᠢ ᠭᠦᠢᠴᠡᠳ ᠲᠠᠨᠢᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ | ᠰᠤᠷᠭᠠᠨ ᠬᠥᠮᠦᠵᠢᠯ ᠤᠨ ᠡᠲᠡᠭᠡᠳ ᠤᠨ ᠥᠷᠭᠡᠨ ᠤᠯᠠᠨ ᠠᠵᠢᠯᠲᠠᠳ ᠲᠤ ᠨᠡᠩ ᠶᠡᠭᠡ ᠨᠡᠩ ᠥᠷᠭᠡᠨ ᠲᠠᠪᠴᠠᠩ | ᠪᠠᠶᠢᠭᠤᠯᠵᠤ᠂ ᠲᠡᠳᠡᠨ ᠤ ᠲᠤᠰᠬᠠᠢ ᠮᠡᠷᠭᠡᠵᠢᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ | ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ︾ | ᠡᠭᠦᠷᠭᠡ ᠪᠠᠨ ᠪᠠᠲᠤᠳᠬᠠᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠰᠢᠨ᠎ᠡ ᠠᠶᠠᠨ ᠵᠠᠮ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃ | ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |