ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ ᠮᠢᠩᠭᠠᠨ ᠲᠦᠮᠡᠨ ᠺᠢᠯᠣᠸᠠᠲ ᠤᠨ ᠲᠠᠰ ᠤᠨ ᠣᠯᠠᠨ | ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠶᠡᠬᠡᠪᠡᠷ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠲᠦᠯᠬᠢᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠨ᠎ᠠ᠃ | ᠮᠢᠩᠭᠠᠨ ᠲᠦᠮᠡᠨ ᠺᠢᠯᠣᠸᠠᠲ ᠤᠨ ᠲᠠᠰ ᠤᠨ ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ | ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯ ᠤᠯᠤᠰ ᠤᠨ ᠳᠣᠲᠣᠭᠠᠳᠤ ᠶᠢᠨ | ᠠᠩᠬᠠᠳᠠᠭᠴᠢ ᠪᠦᠯᠦᠭ ᠣᠨᠴᠠ ᠲᠣᠮᠣ ᠬᠡᠯᠪᠡᠷᠢ ᠶᠢᠨ ᠰᠢᠨ᠎ᠡ ᠡᠨᠧᠷᠭᠢ ᠬᠢᠭᠡᠳ ᠨᠡᠭᠦᠷᠡᠰᠦ ᠴᠠᠬᠢᠯᠭᠠᠨ ᠢ ᠪᠣᠭᠤᠵᠢᠯᠠᠵᠤ | ᠬᠦᠷᠭᠡᠬᠦ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ᠎ᠠ᠃ ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ ᠶᠢᠨ | ᠺᠣᠮᠫᠠᠨᠢ ᠶᠢᠨ ᠶᠡᠷᠦᠩᠬᠡᠢ ᠢᠨᠵᠧᠨᠧᠷ ᠭᠦᠸᠧ ᠬᠤᠩ ᠢ ᠶᠢᠨ ᠲᠠᠨᠢᠯᠴᠠᠭᠤᠯᠤᠭᠰᠠᠨ ᠢᠶᠠᠷ᠂ ᠰᠠᠭᠤᠷᠢᠨ ᠢ | ᠪᠠᠶᠢᠭᠤᠯᠬᠤ ᠳᠤ ︽ᠤᠯᠠᠨ ᠡᠨᠧᠷᠭᠢ ᠪᠠᠷ ᠬᠠᠷᠢᠯᠴᠠᠨ ᠨᠥᠬᠦᠪᠦᠷᠢᠯᠡᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠬᠤ | ᠬᠡᠷᠡᠭᠲᠡᠢ᠃ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠰᠠᠨᠠᠭᠠᠴᠢᠯᠠᠭᠰᠠᠨ ︽ᠨᠢᠭᠡ ᠴᠣᠭᠴᠠᠵᠢᠭᠤᠯᠬᠤ︾ | ᠵᠢᠯᠤᠭᠤᠳᠬᠤ ᠰᠠᠨᠠᠯ ᠶᠣᠰᠣᠭᠠᠷ᠂ ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ ᠶᠢᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ᠨᠢᠭᠡᠳᠦᠭᠡᠷ ᠬᠤᠭᠤᠴᠠᠭᠠᠨ ᠤ ᠮᠧᠩ ᠰᠢ ᠲᠣᠭᠲᠠᠬᠤ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ | ᠬᠦᠷᠭᠡᠬᠦ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠂ ︽ | ᠪᠤᠬᠢᠷᠳᠠᠯ ᠦᠭᠡᠢ ᠴᠠᠬᠢᠯᠭᠠᠨ︾ ᠢ ᠪᠡᠭᠡᠵᠢᠩ ᠳᠤ ᠣᠷᠣᠭᠤᠯᠬᠤ ᠶᠢ ᠲᠦᠷᠭᠡᠬᠡᠨ ᠪᠡᠶᠡᠯᠡᠭᠦᠯᠬᠦ ᠶᠢᠨ ᠬᠠᠮᠲᠤ᠂ | ᠬᠤᠶᠠᠳᠤᠭᠠᠷ ᠬᠤᠭᠤᠴᠠᠭᠠᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠮᠠᠯ ᠠᠵᠤ ᠠᠬᠤᠢ ᠬᠡᠷᠡᠯ ᠤᠨ ᠬᠠᠷᠢᠯᠴᠠᠨ | ᠨᠥᠬᠦᠪᠦᠷᠢᠯᠡᠬᠦ᠂ ᠢᠵᠢ ᠪᠦᠷᠢᠳᠦᠭᠦᠯᠦᠨ ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ | ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠬᠡᠪᠴᠢᠶ᠎ᠡ ᠶᠢᠨ ᠲᠣᠬᠢᠷᠠᠭᠤᠯᠤᠯᠲᠠ ᠶᠢᠨ | ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠯᠴᠢ ᠶᠢᠨ ᠴᠠᠬᠢᠯᠭᠠᠨ ᠤ ᠠᠮᠢᠳᠤᠯᠢᠭ ᠲᠣᠬᠢᠷᠠᠭᠤᠯᠬᠤ | ᠦᠢᠯᠡᠳᠦᠯ ᠢ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 10 | ᠰᠠᠭᠤᠷᠢ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢ | ᠪᠡᠶᠡᠯᠡᠭᠦᠯᠬᠦ ᠪᠠᠷ ᠲᠥᠯᠥᠪᠵᠢᠭᠦᠯᠵᠦ᠂ ᠲᠤᠬᠠᠢ ᠶᠢᠨ ᠦᠶ᠎ᠡ ᠶᠢᠨ ᠤᠷᠬᠢᠯ ᠤᠨ ᠬᠡᠮᠵᠢᠶ᠎ᠡ ᠶᠢ ᠲᠣᠬᠢᠷᠠᠭᠤᠯᠬᠤ | ᠴᠢᠳᠠᠪᠤᠷᠢ ᠶᠢ 20% ᠳᠤ ᠬᠦᠷᠭᠡᠵᠦ᠂ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠠᠰᠢᠭᠯᠠᠯᠲᠠ ᠶᠢᠨ | ᠣᠳᠣᠬᠠᠨ ᠳᠤ ᠨᠢᠭᠡᠨᠲᠡ 6 ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠤᠰᠤᠳ ᠮᠠᠰᠢᠨ | ᠴᠣᠭᠴᠠᠯᠠᠪᠤᠷᠢ ᠶᠢᠨ ᠥᠭᠡᠷᠡᠴᠢᠯᠡᠯᠲᠡ ᠶᠢ ᠶᠠᠭ ᠪᠠᠶᠢᠴᠠᠭᠠᠨ ᠰᠡᠯᠪᠢᠬᠦ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ | ᠶᠠᠪᠤᠭᠳᠠᠭᠤᠯᠵᠤ ᠪᠠᠶᠢᠨ᠎ᠠ᠃ ︽ᠨᠡᠭᠦᠷᠡᠰᠦ ᠴᠠᠬᠢᠯᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ︾ ᠪᠡᠷᠬᠡ ᠰᠡᠳᠦᠪ ᠢ ᠰᠢᠢᠳᠪᠦᠷᠢᠯᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠭᠦᠨᠵᠡᠭᠡᠶᠢᠷᠡᠭᠦᠯᠦᠨ᠎ᠡ᠃ ︽ᠳ᠋ᠠ | ᠲᠠᠩ ᠴᠠᠬᠢᠯᠭᠠᠨ ᠦᠢᠯᠡᠳᠪᠦᠷᠢ ᠶᠢᠨ ᠬᠥᠬᠡᠬᠤᠲᠠ ᠳᠤ ᠢᠯᠴᠢ ᠣᠷᠣᠭᠤᠯᠬᠤ︾ ᠢᠨᠵᠧᠨᠧᠷᠢᠩ ᠢ ᠲᠦᠷᠭᠡᠨ | ᠠᠬᠢᠭᠤᠯᠵᠤ᠂ ᠣᠷᠣᠨ ᠪᠦᠰᠡ ᠶᠢᠨ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠶᠢ ᠪᠦᠬᠦ ᠲᠠᠯ᠎ᠠ ᠪᠠᠷ | ᠠᠬᠢᠭᠤᠯᠵᠤ᠂ ᠬᠥᠬᠡᠬᠤᠲᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠪᠣᠯᠣᠨ ᠠᠭᠠᠷ ᠤᠨ ᠶᠠᠰᠤ ᠴᠢᠨᠠᠷ ᠢ | ᠰᠠᠶᠢᠵᠢᠷᠠᠭᠤᠯᠵᠤ᠂ ︽ᠳᠤᠯᠠᠭᠠᠨ᠂ ᠪᠣᠬᠢᠷᠲᠤᠯ ᠦᠭᠡᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ︾ ᠶᠢ | ᠪᠠᠶᠢᠭᠤᠯᠬᠤ ᠬᠡᠷᠡᠭᠲᠡᠢ᠃ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠠᠽᠢᠶ᠎ᠠ ᠬᠢᠵᠠᠭᠠᠷ ᠣᠷᠣᠨ ᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ | ᠨᠡᠮᠡᠭᠳᠡᠬᠦ ᠪᠣᠯᠵᠣᠯᠲᠤ ᠲᠤᠭ᠎ᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ | ᠡᠮᠬᠢ ᠵᠢᠷᠤᠮ ᠲᠠᠢ ᠶᠠᠪᠤᠭᠳᠠᠭᠤᠯᠤᠨ᠎ᠠ᠃ | ᠣᠳᠣᠬᠠᠨ ᠳᠤ᠂ ᠳ᠋ᠠ ᠲᠠᠩ ᠴᠠᠬᠢᠯᠭᠠᠨ ᠳᠠᠮᠵᠢᠭᠤᠯᠬᠤ ᠬᠠᠮᠢᠶᠠᠷᠤᠯᠲᠠ ᠶᠢᠨ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 673 ᠲᠦᠮᠡᠨ ᠺᠢᠯᠣᠸᠠᠲ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ | ᠴᠢᠳᠠᠪᠤᠷᠢ ᠨᠢ 300 ᠳ᠋ᠦᠩᠰᠢᠭᠤᠷ ᠺᠢᠯᠣᠸᠠᠲ ᠠᠴᠠ ᠳᠡᠭᠡᠭᠰᠢ ᠪᠠᠶᠢᠵᠤ᠂ ᠰᠢᠨ᠎ᠡ ᠡᠨᠧᠷᠭᠢ ᠶᠢᠨ ᠲᠦᠷᠦᠯ ᠵᠦᠢᠯ | ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 50 ᠳ᠋ᠦᠩᠰᠢᠭᠤᠷ ᠺᠢᠯᠣᠸᠠᠲ ᠠᠴᠠ ᠳᠡᠭᠡᠭᠰᠢ ᠪᠤᠬᠢᠷᠳᠠᠯ | ᠦᠭᠡᠢ ᠴᠠᠬᠢᠯᠭᠠᠨ ᠢ ᠦᠢᠯᠡᠳᠪᠦᠷᠢᠯᠡᠵᠦ᠂ ᠪᠠᠷᠢᠮᠵᠢᠶᠠᠲᠤ ᠨᠡᠭᠦᠷᠡᠰᠦ ᠶᠢ 170 ᠲᠦᠮᠡᠨ ᠲᠣᠨ ᠠᠴᠠ ᠢᠯᠡᠭᠦᠦ | ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 400 ᠲᠦᠮᠡᠨ | ᠲᠣᠨ ᠠᠴᠠ ᠢᠯᠡᠭᠦᠦ ᠪᠠᠭᠠᠰᠬᠠᠨ᠎ᠠ᠃ | ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |