ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠬᠠᠤᠯᠢ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ | ᠬᠤᠷᠢᠭᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠪᠣᠳᠠᠲᠤ ᠠᠵᠢᠯᠯᠠᠭ᠎ᠠ ᠪᠠᠷ ᠢᠶᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠬᠤᠭᠤᠯᠠᠨ ᠰᠢᠷᠡᠭᠡᠨ ᠤ ᠪᠣᠯᠪᠠᠰᠤᠨ ᠢᠶᠠᠷ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ | ᠣᠶᠤᠨᠴᠢ ᠬᠡᠷᠡᠭᠯᠡᠭᠡ ᠪᠠᠷ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠠᠮᠢᠳᠤᠷᠠᠯ ᠢ ᠬᠥᠲᠥᠯᠥᠨ ᠳᠠᠭᠠᠭᠤᠯᠵᠤ᠂ | ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠰᠢᠶᠠᠨ ᠤ | ᠬᠡᠪᠴᠢᠶᠡᠨ ᠳᠤ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠ ᠢᠳᠡᠬᠦ ᠲᠠᠯᠠᠪᠤᠷ ᠤᠨ ᠢᠯᠡ ᠭᠠᠵᠠᠷ ᠲᠤ ︽ᠪᠦᠷᠢᠯᠭᠡᠨ | ᠰᠦᠢᠳᠬᠡᠬᠦ ᠶᠢ ᠡᠰᠡᠷᠭᠦᠴᠡᠬᠦ︾ ︽ᠯᠠᠶᠢᠰᠧᠷ ᠲᠠᠪᠠᠭ ᠤᠨ ᠠᠵᠢᠯᠯᠠᠭ᠎ᠠ︾ ᠵᠡᠷᠭᠡ ᠢᠳᠡᠭᠡᠨ ᠢ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠲᠡᠮᠳᠡᠭ ᠨᠠᠭᠠᠭᠰᠠᠨ ᠡᠰᠡᠬᠦ᠂ ᠡᠵᠡᠩᠨᠡᠭᠴᠢᠳ ᠰᠠᠨᠠᠭᠠᠴᠢᠯᠠᠭ᠎ᠠ ᠠᠴᠠ ᠪᠠᠨ | ᠬᠡᠷᠡᠭᠯᠡᠭᠴᠢᠳ ᠲᠤ ᠢᠳᠡᠭᠡᠨ ᠢ ᠪᠦᠷᠢᠯᠭᠡᠬᠦ ᠶᠢ ᠡᠰᠡᠷᠭᠦᠴᠡᠬᠦ ᠰᠠᠨᠠᠭᠤᠯᠭ᠎ᠠ ᠥᠭᠭᠦᠭᠰᠡᠨ ᠡᠰᠡᠬᠦ᠂ ᠵᠣᠬᠢᠬᠤ ᠬᠡᠮᠵᠢᠶᠡᠨ ᠤ | ᠬᠤᠭᠤᠯᠠ ᠵᠠᠬᠢᠶᠠᠯᠠᠬᠤ ᠶᠢ ᠢᠳᠡᠪᠬᠢᠲᠡᠢ ᠰᠠᠨᠠᠭᠠᠴᠢᠯᠠᠨ ᠨᠠᠶᠢᠳᠠᠪᠤᠷᠢᠵᠢᠭᠤᠯᠤᠭᠰᠠᠨ ᠡᠰᠡᠬᠦ᠂ ᠵᠢᠵᠢᠭ ᠵᠠᠭᠤᠰᠢ᠂ | ᠦᠯᠡᠳᠡᠭᠰᠡᠨ ᠨᠣᠭᠤᠭ᠎ᠠ ᠶᠢ ᠪᠣᠭᠤᠳᠠᠯᠯᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠡᠰᠡᠬᠦ᠂ ᠲᠣᠭᠤᠭᠠᠨ ᠭᠡᠷ ᠲᠤ ᠬᠢᠬᠦ | ᠶᠠᠪᠤᠴᠠ ᠳᠤ ᠢᠳᠡᠭᠡᠨ ᠢ ᠬᠦᠨᠳᠦ ᠨᠣᠴᠢᠲᠠᠢ ᠪᠦᠷᠢᠯᠭᠡᠭᠰᠡᠨ ᠡᠰᠡᠬᠦ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ | ᠪᠠᠶᠢᠴᠠᠭᠠᠨ᠎ᠠ᠃ | ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ | ᠤᠮᠳᠠᠭᠠᠨ ᠤ ᠪᠦᠷᠢᠯᠭᠡᠯᠲᠡ ᠶᠢ ᠬᠤᠷᠢᠭᠯᠠᠬᠤ ᠲᠤᠰᠬᠠᠢ ᠠᠵᠢᠯᠯᠠᠭ᠎ᠠ ᠶᠢᠨ ᠳᠤᠮᠳᠠ ᠢᠯᠡᠷᠡᠭᠦᠯᠦᠭᠰᠡᠨ ᠵᠥᠪ ᠪᠤᠷᠤᠭᠤ | ᠲᠠᠯ᠎ᠠ ᠶᠢᠨ ᠨᠡᠶᠢᠲᠡᠯᠢᠭ ᠵᠢᠱᠢᠶ᠎ᠡ ᠶᠢ ︽ᠤᠯᠠᠭᠠᠨ ᠬᠠᠷ᠎ᠠ ᠰᠠᠮᠪᠠᠷ᠎ᠠ︾ ᠶᠢᠨ ᠬᠡᠯᠪᠡᠷᠢ ᠪᠠᠷ ᠨᠡᠶᠢᠭᠡᠮ ᠨᠡᠶᠢᠲᠡ ᠳᠤ | ᠵᠠᠷᠯᠠᠵᠤ᠂ ᠥᠷᠭᠡᠨ ᠣᠯᠠᠨ ᠬᠤᠲᠠ ᠶᠢᠨ ᠠᠷᠠᠳ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ | ᠤᠯᠠᠭᠠᠨ ᠰᠠᠮᠪᠠᠷ᠎ᠠ | ᠨᠢᠭᠡᠴᠡ ᠶᠢᠨ ᠨᠡᠷᠡᠶᠢᠳᠦᠯ᠄ ᠭᠦ᠋ ᠵᠢᠶᠧ ᠵᠢᠵᠢᠭ ᠠᠷᠢᠬᠢᠨ ᠮᠤᠬᠤᠯᠠᠭ | ᠬᠠᠷ᠎ᠠ ᠰᠠᠮᠪᠠᠷ᠎ᠠ | ᠨᠢᠭᠡᠴᠡ ᠶᠢᠨ ᠨᠡᠷᠡᠶᠢᠳᠦᠯ᠄ ᠠᠯᠧ ᠳᠠᠯᠠᠢ ᠶᠢᠨ ᠢᠳᠡᠭᠡᠨ ᠤ ᠰᠢᠷᠠᠮᠠᠯ | ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |