ᠥᠪᠥᠷ ᠮᠣᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠨᠳᠦᠰᠦᠲᠡᠨ ᠤ ᠲᠦᠷᠦ ᠶᠢᠨ ᠪᠣᠳᠣᠯᠭ᠎ᠠ ᠪᠣᠯᠣᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠦᠷᠨᠢᠭᠦᠯᠵᠦ ᠪᠠᠶᠢᠨ᠎ᠠ ︱ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠪᠤᠢ ᠪᠤᠯᠭᠠᠶ᠎ᠠ
ᠨᠡᠶᠢᠲᠡᠯᠡᠭᠰᠡᠨ ᠴᠠᠭ᠄
2023/5/18
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠳᠤ᠄ ᠵᠢᠯ ᠪᠦᠷᠢ ᠶᠢᠨ ᠲᠠᠪᠤᠨ ᠰᠠᠷ᠎ᠠ ᠶᠢ ᠪᠦᠬᠦ ᠣᠷᠣᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠲᠠᠪᠤᠨ ᠰᠠᠷ᠎ᠠ ᠶᠢᠨ ᠬᠠᠮᠤᠭ ᠰᠡᠭᠦᠯᠴᠢ ᠶᠢᠨ ᠨᠢᠭᠡ ᠭᠠᠷᠠᠭ ᠢ ᠦᠨᠳᠦᠰᠦᠲᠡᠨ ᠤ ᠬᠠᠤᠯᠢ ᠪᠠᠷ ᠵᠠᠰᠠᠬᠤ ᠶᠢᠨ ᠤᠬᠠᠭᠤᠯᠭ᠎ᠠ ᠶᠢᠨ ᠭᠠᠷᠢᠭ ᠪᠤᠯᠤᠨ᠎ᠠ᠃ ᠡᠨᠡ ᠵᠢᠯ᠂ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠥᠪᠥᠷ ᠮᠣᠩᠭᠤᠯ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃      ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠪᠦᠬᠦ ᠣᠷᠣᠨ ᠤ ᠡᠯ᠎ᠡ ᠭᠠᠵᠠᠷ ᠤᠨ ᠬᠢᠨ ᠪᠠᠶᠠᠯᠢᠭ ᠰᠠᠶᠢᠬᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠭᠠᠵᠠᠷ ᠪᠣᠯᠭᠠᠨ ᠳᠤ ᠤᠬᠠᠭᠤᠯᠤᠨ ᠲᠠᠶᠢᠯᠪᠤᠷᠢᠯᠠᠭᠴᠢ ᠶᠢᠨ ᠪᠠᠷ᠎ᠠ ᠰᠡᠭᠦᠳᠡᠷ ᠢ ᠬᠥᠭᠵᠢᠶᠡᠨᠲᠡᠢ ᠪᠣᠯᠭᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠬᠥᠬᠡᠬᠤᠲᠠ ᠶᠢᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠵᠠᠭᠤᠨ ᠲᠠᠯᠠᠪᠠᠢ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ︾᠂ 56 ᠳ᠋ᠤᠭᠠᠷ ᠵᠠᠮ ᠤᠨ ︽ᠪᠦᠯᠬᠦᠮᠳᠡᠨ ᠤᠷᠤᠭᠰᠢᠯᠠᠬᠤ ᠪᠦᠷᠢᠶ᠎ᠡ︾  ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠭᠦᠳᠡᠯ ᠤᠬᠠᠭᠤᠯᠭ᠎ᠠ᠂ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠶᠠᠷᠢᠬᠤ︾ ᠪᠢᠴᠢᠬᠠᠨ ᠲᠠᠶᠢᠯᠪᠤᠷᠢᠯᠠᠭᠴᠢ ᠶᠢᠨ ᠠᠵᠢᠯᠯᠠᠭ᠎ᠠ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠰᠣᠶᠣᠯ ᠤᠨ ᠦᠵᠡᠰᠬᠦᠯᠡᠩ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ︽ᠡᠭᠦᠯᠡᠨ ᠰᠣᠯᠢᠯᠴᠠᠭ᠎ᠠ︾ ᠪᠣᠯᠣᠨ ︽ᠳᠤᠮᠳᠠᠳᠤ ᠶᠢᠨ ᠶᠣᠰᠣ︾ ᠪᠤᠯᠤᠩ ᠢ ᠰᠤᠷᠤᠯᠴᠠᠨ ᠤᠬᠠᠭᠤᠯᠵᠤ ᠳᠡᠯᠭᠡᠷᠡᠭᠦᠯᠬᠦ ᠵᠡᠷᠭᠡ ᠡᠯ᠎ᠡ ᠵᠦᠢᠯ ᠤᠨ ᠣᠨᠴᠠᠯᠢᠭᠲᠤ ᠠᠵᠢᠯᠯᠠᠭ᠎ᠠ ᠶᠢ ᠪᠠᠬᠢᠵᠢᠭᠦᠯᠪᠡ᠃ ᠬᠠᠮ ᠵᠠᠭᠤᠴᠢᠯᠠᠭᠤᠷ᠂ ᠤᠯᠠᠨ ᠲᠠᠯ᠎ᠠ ᠠᠴᠠ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠪᠠ᠃      5 ᠳ᠋ᠤᠭᠠᠷ ᠰᠠᠷ᠎ᠠ ᠶᠢᠨ 8 ᠤ ᠡᠳᠦᠷ᠂ ᠪᠤᠭᠤᠲᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ︽ᠤᠯᠠᠭᠠᠨ ᠠᠨᠠᠷ︾ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠠᠭᠤᠯᠭ᠎ᠠ ᠪᠣᠯᠭᠠᠵᠤ᠂ ᠪᠦᠬᠦ ᠬᠤᠳᠠ ᠶᠢᠨ 20 ᠭᠠᠷᠤᠢ ᠭᠠᠵᠠᠷ ᠣᠷᠣᠨ᠂ ᠨᠢᠭᠡᠴᠡ ᠶᠢᠨ 500 ᠭᠠᠷᠤᠢ ᠬᠦᠮᠦᠨ ᠤᠷᠤᠯᠳᠤᠭᠠᠨ ᠳᠤ ᠣᠷᠣᠯᠴᠠᠵᠠᠢ᠃ ᠠᠩᠬᠠᠨ ᠤ ᠤᠷᠤᠯᠳᠤᠭᠠᠨ᠂ ᠬᠤᠶᠠᠳᠠᠭᠢ ᠤᠷᠤᠯᠳᠤᠭᠠᠨ ᠢᠶᠠᠷ ᠳᠡᠮᠵᠢᠨ᠂ ᠡᠴᠦᠰ ᠲᠡᠭᠡᠨ 12 ᠬᠦᠮᠦᠨ ᠰᠢᠢᠳᠪᠦᠷᠢᠲᠦ ᠤᠷᠤᠯᠳᠤᠭᠠᠨ ᠳᠤ ᠣᠷᠣᠯᠴᠠᠨ ᠥᠷᠢᠰᠦᠯᠳᠦᠭᠡᠨ ᠶᠠᠪᠤᠭᠤᠯᠪᠠ᠃ ᠤᠷᠤᠯᠳᠤᠭᠠᠨ ᠳᠤ ᠣᠷᠣᠯᠴᠠᠭᠰᠠᠳ ᠠᠮᠢᠳᠤᠯᠢᠭ ᠰᠠᠶᠢᠬᠠᠨ ᠦᠭᠡ ᠬᠡᠯᠡ ᠪᠠᠷ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠦᠵᠡᠭᠴᠢᠳ ᠤᠨ ᠬᠦᠷᠢᠶᠡᠯᠡᠯ ᠢ ᠣᠯᠪᠠ᠃       ᠠᠭᠤᠯᠭ᠎ᠠ ᠨᠢ ᠪᠠᠶᠠᠯᠢᠭ ᠰᠠᠶᠢᠬᠠᠨ᠂ ᠠᠴᠢᠶᠠᠯᠠᠪᠤᠷᠢ ᠨᠢ ᠰᠢᠨ᠎ᠡ      ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ᠂ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠢᠯ ᠢ ᠬᠢᠬᠦ ᠪᠠᠷ ᠪᠠᠷᠠᠬᠤ ᠦᠭᠡᠢ ᠪᠠᠰᠠ ᠶᠡᠭᠡ ᠬᠡᠮᠵᠢᠶᠡᠨ ᠤ ︽ᠴᠢᠮᠡᠭᠡ ᠠᠨᠢᠷ ᠦᠭᠡᠢ ᠨᠠᠮᠤᠭᠤᠬᠠᠨ︾ ᠶᠠᠪᠤᠳᠠᠯ ᠢ ᠬᠢᠬᠦ ᠬᠡᠷᠡᠭᠲᠡᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤᠳᠬᠠᠵᠤ᠂ ᠨᠡᠩ ᠰᠠᠶᠢᠨ ᠢᠶᠠᠷ ᠶᠠᠪᠤᠯᠴᠠᠨ ᠰᠣᠯᠢᠯᠴᠠᠵᠤ ᠠᠭᠤᠰᠤᠯᠴᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠭᠤᠯᠤᠭᠳᠠᠬᠤᠨ ᠪᠠ ᠠᠭᠤᠯᠬᠤᠨ ᠢ ᠳᠠᠰᠤᠷᠠᠯᠳᠠ ᠦᠭᠡᠢ ᠪᠠᠶᠠᠯᠢᠭᠵᠢᠭᠤᠯᠵᠠᠢ᠃      ᠡᠬᠡᠴᠦᠦᠯ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠤᠭᠤᠲᠤ ᠬᠤᠳᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠢᠶᠠᠩ ᠶᠦᠨ ᠨᠡᠶᠢᠭᠡᠮ ᠲᠣᠭᠤᠷᠢᠭ ᠤᠨ ᠬᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠡᠵᠢ ᠨᠠᠷ ᠢ ᠨᠠᠮ ᠤᠯᠠᠨ ᠲᠦᠮᠡᠨ ᠤ ᠠᠵᠢᠯᠯᠠᠭ᠎ᠠ ᠶᠢᠨ ᠲᠥᠪ ᠲᠤ ᠤᠷᠢᠵᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠲᠠᠶᠢᠯᠤᠮᠵᠢ ᠶᠢ ᠰᠣᠨᠣᠰᠬᠤ ᠶᠢᠨ ᠬᠠᠮᠲᠤ ︽ᠡᠵᠢ︾ ᠭᠡᠬᠦ ᠺᠢᠨᠣ᠋ ᠶᠢ ᠵᠣᠬᠢᠶᠠᠨ ᠪᠠᠶᠢᠭᠤᠯᠵᠤ ᠰᠣᠨᠢᠷᠬᠠᠭᠤᠯᠪᠠ᠃ ᠲᠤᠰ ᠺᠢᠨᠣ᠋ ᠳᠤ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠭᠰᠠᠨ︾ ᠲᠡᠦᠬᠡᠨ ᠬᠡᠷᠡᠭ ᠶᠠᠪᠤᠳᠠᠯ ᠢᠶᠠᠷ ᠤᠭ ᠬᠡᠯᠪᠡᠷᠢ ᠪᠣᠯᠭᠠᠵᠤ᠂ 20 ᠳ᠋ᠤᠭᠠᠷ ᠵᠠᠭᠤᠨ ᠤ ᠵᠢᠷᠠᠭᠠᠳ ᠣᠨ ᠤ ᠦᠶ᠎ᠡ ᠳᠤ ᠡᠮᠦᠨᠡᠲᠦ ᠣᠷᠣᠨ ᠠᠴᠠ ᠢᠷᠡᠭᠰᠡᠨ 3000 ᠭᠠᠷᠤᠢ ᠥᠨᠥᠴᠢᠨ ᠬᠡᠦᠬᠡᠳ ᠢ ᠲᠠᠯ᠎ᠠ ᠨᠤᠲᠤᠭ ᠲᠤ ᠬᠦᠷᠭᠡᠵᠦ ᠮᠠᠯᠴᠢᠳ ᠢᠶᠠᠷ ᠲᠡᠵᠢᠭᠡᠯᠭᠡᠵᠦ ᠥᠰᠬᠡᠭᠰᠡᠨ ᠦᠯᠢᠭᠡᠷ ᠢ ᠶᠠᠷᠢᠵᠠᠢ᠃      ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠬᠡᠪ ᠤᠨ ᠴᠠᠢ᠂ ᠰᠦ ᠲᠠᠢ ᠴᠠᠢ ᠤᠤᠭᠤᠬᠤ ᠳᠤᠷᠠᠲᠠᠢ ᠪᠣᠯᠪᠠᠴᠤ ᠴᠠᠢ ᠶᠢᠨ ᠹᠯᠣᠷ ᠤᠨ ᠠᠭᠤᠯᠤᠭᠳᠠᠴᠠ ᠨᠢ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠤᠭᠰᠠᠨ ᠭᠠᠵᠠᠷ ᠤᠨ ᠹᠯᠣᠷ ᠤᠨ ᠡᠪᠡᠳᠴᠢᠨ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠶᠢ ᠬᠤᠬᠢᠷᠠᠭᠤᠯᠳᠠᠭ᠃ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ︽ᠡᠷᠡᠭᠦᠯ ᠢᠶᠠᠷ ᠴᠠᠢ ᠤᠤᠭᠤᠬᠤ᠂ ᠭᠡᠷ ᠡᠷᠦᠬᠡ ᠳᠤ ᠴᠠᠢ ᠬᠦᠷᠭᠡᠬᠦ︾ ᠠᠵᠢᠯ ᠲᠠᠢ ᠤᠶᠠᠯᠳᠤᠭᠤᠯᠵᠤ᠂ ᠬᠢᠯᠢ ᠬᠢᠵᠠᠭᠠᠷ ᠣᠷᠣᠨ ᠤ ᠬᠦᠴᠢᠷᠳᠡᠯᠲᠡᠢ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠹᠯᠣᠷ ᠤᠨ ᠵᠠᠬ᠎ᠠ ᠳᠡᠯᠭᠡᠭᠦᠷ ᠲᠤ ᠪᠣᠷᠣᠯᠠᠭᠤᠯᠬᠤ ᠴᠠᠢ ᠶᠢ ᠲᠠᠷᠬᠠᠭᠠᠬᠤ ᠶᠢᠨ ᠬᠠᠮᠲᠤ᠂ ᠳᠡᠯᠭᠡᠨ ᠦᠵᠡᠭᠦᠯᠬᠦ ᠰᠠᠮᠪᠠᠷ᠎ᠠ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠭᠠᠷ ᠠᠪᠤᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠪᠠ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠵᠡᠷᠭᠡ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠦᠵᠡᠬᠦ ᠳᠤᠷᠠᠲᠠᠢ᠂ ᠣᠶᠢᠯᠠᠭᠠᠵᠤ ᠳᠡᠶᠢᠯᠬᠦ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃      ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠶᠢ ᠴᠢᠬᠤᠯᠠᠴᠢᠯᠠᠵᠤ᠂ ᠦᠷ᠎ᠡ ᠪᠦᠲᠦᠮᠵᠢ ᠰᠠᠶᠢᠲᠠᠢ      ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠬᠦᠴᠦᠯᠡᠨ ᠪᠠᠶᠢᠭᠤᠯᠵᠤ ᠪᠤᠢ᠃      5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠬᠤᠶᠢᠲᠤ ᠵᠠᠰᠠᠮᠠᠯ ᠵᠠᠮ ᠤᠨ ᠪᠠᠭ᠎ᠠ ᠰᠤᠷᠭᠠᠭᠤᠯᠢ ᠶᠢᠨ ᠰᠤᠷᠤᠭᠴᠢᠳ ︽ᠦᠨᠳᠦᠰᠦᠲᠡᠨ ᠤ ᠪᠦᠯᠬᠦᠮᠳᠡᠯ ᠳᠠᠪᠰᠢᠯᠲᠠ︾ ᠭᠡᠬᠦ ᠭᠤᠣᠯ ᠰᠡᠳᠦᠪᠲᠦ ᠠᠩᠭᠢ ᠶᠢᠨ ᠬᠤᠷᠠᠯ ᠳᠤ ᠣᠷᠣᠯᠴᠠᠵᠠᠢ᠃ ᠬᠢᠴᠢᠶᠡᠯ ᠤᠨ ᠲᠠᠩᠬᠢᠮ ᠳᠤ ᠬᠠᠩᠭᠢᠨ ᠬᠤᠶᠢᠲᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠸᠢᠳᠢᠤ᠋ ᠦᠵᠡᠬᠦ᠂ ᠦᠯᠢᠭᠡᠷ ᠶᠠᠷᠢᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠰᠤᠷᠤᠭᠴᠢᠳ ᠲᠤ ᠣᠶᠢᠯᠠᠭᠠᠭᠤᠯᠪᠠ᠃ ᠡᠭᠦᠨ ᠠᠴᠠ ᠭᠠᠳᠠᠨ᠎ᠠ᠂ ᠰᠤᠷᠭᠠᠭᠤᠯᠢ   ᠠᠴᠠ ᠪᠠᠰᠠ ︽ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ︾ ᠭᠡᠬᠦ ᠭᠤᠣᠯ ᠰᠡᠳᠦᠪᠲᠦ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠬᠤ᠂ ᠭᠤᠣᠯ ᠰᠡᠳᠦᠪᠲᠦ ᠠᠩᠭᠢ ᠶᠢᠨ ᠬᠢᠴᠢᠶᠡᠯ ᠣᠷᠣᠬᠤ᠂ ᠬᠠᠭᠤᠯᠤᠮᠠᠯ ᠰᠣᠨᠢᠨ᠂ ᠰᠠᠮᠪᠠᠷ᠎ᠠ ᠶᠢᠨ ᠰᠣᠨᠢᠨ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠪᠠ ᠬᠠᠤᠯᠢ ᠪᠠᠷ ᠵᠠᠰᠠᠬᠤ ᠶᠢᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠯᠡᠭᠦᠯᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠭᠰᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠰᠠᠶᠢᠨ ᠬᠢᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠰᠢᠨ᠎ᠡ ᠴᠠᠭ ᠦᠶ᠎ᠡ ᠳᠤ ᠰᠢᠨ᠎ᠡ ᠢᠷᠠᠭᠤ ᠠᠯᠳᠠᠷ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1