ᠲᠣᠭᠲᠠᠬᠤ ᠰᠢᠶᠠᠨ᠄ ᠲᠠᠩ ᠣᠷᠣᠨ ᠢ ᠨᠡᠭᠦᠯᠭᠡᠨ ᠪᠠᠶᠢᠭᠤᠯᠵᠤ ᠲᠣᠭᠲᠠᠭᠤᠨ ᠢᠶᠠᠷ ᠠᠬᠢᠭᠤᠯᠵᠤ ᠬᠦᠰᠡᠯ ᠵᠡᠭᠦᠳᠦ ᠪᠠᠨ ᠲᠡᠷᠭᠡᠯᠰᠢᠭᠦᠯᠵᠦ ᠠᠮᠤᠭᠤᠯᠠᠩ ᠰᠠᠭᠤᠵᠤ ᠠᠷᠠᠳ ᠤᠨ ᠠᠮᠢᠳᠤᠷᠠᠯ ᠳᠤ ᠠᠰᠢᠭ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/5/18
       ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠣᠯ ᠤᠨ ᠤᠷᠤᠰᠬᠠᠯ ᠤᠨ ᠦᠶᠡᠷ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠠᠲᠤᠨ ᠭᠤᠣᠯ ᠤᠨ ᠤᠰᠤᠨ ᠤ ᠭᠠᠮᠰᠢᠭ ᠤᠨ ᠳᠠᠩ ᠭᠠᠵᠠᠷ ᠤᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠳᠤ ᠤᠴᠠᠷᠠᠭᠤᠯᠬᠤ ᠰᠦᠷᠳᠡᠭᠦᠯᠦᠯ ᠢ ᠠᠷᠢᠯᠭᠠᠵᠤ᠂ ᠬᠠᠲᠤᠨ ᠭᠤᠣᠯ ᠤᠨ ᠲᠣᠭᠲᠠᠬᠤ ᠰᠢᠶᠠᠨ ᠤ ᠵᠦᠩ ᠲᠠᠨ ᠲᠣᠭᠤᠷᠢᠭ ᠤᠨ ᠥᠨᠢ ᠤᠳᠠᠭᠠᠨ ᠤ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠷᠭᠠᠯ ᠤᠨ ᠣᠷᠣᠨ ᠤ ᠣᠯᠠᠨ ᠲᠦᠮᠡᠨ ᠢ ᠰᠡᠳᠬᠢᠯ ᠲᠠᠯᠪᠢᠨ ᠬᠠᠪᠰᠤᠷᠴᠤ ᠪᠠᠶᠢᠭᠠᠳ ᠨᠡᠭᠦᠯᠭᠡᠨ ᠪᠠᠶᠢᠭᠤᠯᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠨᠡᠭᠦᠯᠭᠡᠨ ᠪᠠᠶᠢᠭᠤᠯᠬᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠮᠠᠨ ᠤ ᠰᠢᠶᠠᠨ ᠤ ᠰᠠᠶᠢᠷᠭᠠᠯ ᠤᠨ ᠣᠷᠣᠨ ᠤ ᠣᠯᠠᠨ ᠲᠦᠮᠡᠨ ᠳᠤ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠣᠯᠭᠤᠪᠠ᠃       ︽ᠯᠢᠦ ᠯᠢᠨ ᠲᠠᠨ ᠲᠣᠭᠤᠷᠢᠭ ᠨᠢᠭᠡ ᠳᠤ᠂ ᠣᠳᠣ ᠨᠢᠭᠡᠨᠲᠡ 31 ᠡᠷᠦᠬᠡ ᠶᠢ ᠡᠬᠢᠯᠡᠨ ᠪᠠᠶᠢᠭᠤᠯᠵᠤ᠂ ᠡᠭᠦᠨ ᠤ ᠳᠣᠲᠣᠷᠠᠬᠢ 5 ᠡᠷᠦᠬᠡ ᠶᠢ ᠭᠤᠣᠯ ᠴᠣᠭᠴᠠ ᠶᠢᠨ ᠳᠡᠭᠡᠪᠦᠷ ᠢ ᠨᠢ ᠪᠢᠲᠡᠭᠦᠮᠵᠢᠯᠡᠵᠦ᠂ 22 ᠡᠷᠦᠬᠡ ᠶᠢ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠬᠢᠵᠦ ᠪᠠᠶᠢᠨ᠎ᠠ᠃ ᠬᠤᠶᠠᠷ ᠲᠤ᠂ 21 ᠡᠷᠦᠬᠡ ᠶᠢ ᠪᠦᠲᠦᠭᠡᠨ ᠪᠠᠶᠢᠭᠤᠯᠵᠤ᠂ ᠡᠭᠦᠨ ᠤ ᠳᠣᠲᠣᠷᠠᠬᠢ 9 ᠡᠷᠦᠬᠡ ᠶᠢ ᠭᠠᠵᠠᠷ ᠤᠨ ᠨᠢᠷᠤᠭᠤ ᠶᠢ ᠤᠰᠤᠯᠠᠵᠤ᠂ 12 ᠡᠷᠦᠬᠡ ᠶᠢ ᠭᠠᠵᠠᠷ ᠤᠨ ᠨᠢᠷᠤᠭᠤ ᠶᠢ ᠤᠶᠠᠵᠤ ᠪᠠᠶᠢᠨ᠎ᠠ᠃ ᠰᠢᠶᠠ ᠲᠠᠨ ᠲᠣᠭᠤᠷᠢᠭ ᠤᠨ 16 ᠡᠷᠦᠬᠡ ᠶᠢᠨ ᠭᠡᠷ ᠪᠠᠶᠢᠰᠢᠩ ᠢ ᠪᠦᠬᠦᠨ ᠢᠶᠠᠷ ᠨᠢ ᠵᠠᠰᠠᠵᠤ᠂ ᠡᠭᠦᠨ ᠤ ᠳᠣᠲᠣᠷᠠᠬᠢ 8 ᠡᠷᠦᠬᠡ ᠶᠢ ᠭᠠᠵᠠᠷ ᠤᠨ ᠴᠢᠯᠠᠭᠤᠨ ᠤ ᠰᠠᠭᠤᠷᠢ   ᠶᠢ ᠲᠠᠯᠪᠢᠵᠤ ᠂ ᠦᠯᠡᠳᠡᠭᠰᠡᠨ 8 ᠡᠷᠦᠬᠡ ᠶᠢ ᠨᠢ ᠬᠥᠯᠳᠡᠬᠦ ᠠᠴᠠ ᠰᠡᠷᠭᠡᠶᠢᠯᠡᠬᠦ ᠡᠯᠡᠰᠦ ᠶᠢ ᠰᠣᠯᠢᠵᠤ ᠪᠥᠭᠯᠡᠵᠦ ᠪᠠᠶᠢᠨ᠎ᠠ︾ ᠭᠡᠵᠦ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠫᠠᠩ ᠲᠥ᠋ᠩ ᠢᠦᠢ ᠲᠠᠨᠢᠯᠴᠠᠭᠤᠯᠪᠠ᠃      ᠪᠠᠷᠢᠯᠭ᠎ᠠ ᠶᠢᠨ ᠦᠷ᠎ᠡ ᠪᠦᠲᠦᠭᠡᠯ ᠤᠨ ᠵᠢᠷᠤᠭ ᠠᠴᠠ ᠦᠵᠡᠪᠡᠯ᠂ ᠲᠥᠪᠬᠢᠨᠡᠭᠦᠯᠬᠦ ᠭᠡᠷ ᠢ 90 ᠲᠡᠭᠰᠢ ᠳᠥᠷᠪᠡᠯᠵᠢᠨ ᠮᠧᠲᠷ ᠤᠨ ᠭᠡᠷ ᠪᠠ 60 ᠲᠡᠭᠰᠢ ᠳᠥᠷᠪᠡᠯᠵᠢᠨ ᠮᠧᠲᠷ ᠤᠨ ᠭᠡᠷ ᠭᠡᠵᠦ ᠬᠤᠪᠢᠶᠠᠵᠤ᠂ ᠬᠤᠶᠠᠷ ᠵᠦᠢᠯ ᠤᠨ ᠭᠡᠷ ᠪᠠᠶᠢᠰᠢᠩ ᠳᠤ ᠴᠥᠮ ᠤᠨᠲᠠᠬᠤ ᠥᠷᠥᠭᠡ᠂ ᠲᠣᠭᠤᠭᠠᠨ ᠭᠡᠷ᠂ ᠵᠣᠴᠢᠨ ᠤ ᠥᠷᠥᠭᠡ᠂ ᠬᠤᠭᠤᠯᠠᠨ ᠭᠡᠷ ᠪᠠ ᠠᠷᠢᠭᠤᠨ ᠴᠡᠪᠡᠷ ᠤᠨ ᠲᠠᠰᠤᠯᠭ᠎ᠠ ᠶᠢ ᠪᠠᠭᠲᠠᠭᠠᠵᠤ᠂ ᠭᠡᠷ ᠪᠠᠶᠢᠰᠢᠩ ᠤᠨ ᠴᠢᠳᠠᠮᠵᠢ ᠨᠢ ᠪᠦᠷᠢᠨ᠂ ᠲᠥᠬᠦᠭᠡᠷᠦᠮᠵᠢ ᠨᠢ ᠪᠦᠷᠢᠨ᠂ ᠪᠠᠰᠠ ᠬᠦᠷᠢᠶ᠎ᠡ ᠬᠠᠰᠢᠶ᠎ᠠ ᠲᠠᠢ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠲᠥᠬᠦᠮ ᠦᠵᠡᠭᠦᠯᠳᠡᠭ᠃      ᠣᠶᠢᠯᠠᠭᠠᠭᠰᠠᠨ ᠢᠶᠠᠷ᠂ ᠬᠠᠲᠤᠨ ᠭᠤᠣᠯ ᠤᠨ ᠲᠠᠩ ᠣᠷᠣᠨ ᠤ ᠰᠠᠭᠤᠭᠠᠯᠢ ᠠᠷᠠᠳ ᠢ ᠨᠡᠭᠦᠯᠭᠡᠬᠦ ᠠᠵᠢᠯ 2022 ᠣᠨ ᠤ 8 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠵᠦ᠂ ᠬᠠᠲᠤᠨ ᠭᠤᠣᠯ ᠤᠨ ᠴᠢᠭᠢᠭᠯᠢᠭ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ 2 ᠵᠠᠰᠠᠭ ᠵᠠᠬᠢᠷᠭᠠᠨ ᠤ ᠲᠣᠰᠬᠤᠨ 5 ᠠᠶᠢᠯ ᠲᠣᠰᠬᠤᠨ ᠳᠤ ᠬᠤᠯᠪᠣᠭᠳᠠᠵᠤ᠂ 595 ᠡᠷᠦᠬᠡ 1485 ᠰᠠᠭᠤᠭᠠᠯᠢ ᠠᠷᠠᠳ ᠢ ᠨᠡᠭᠦᠯᠭᠡᠵᠡᠢ᠃ ᠨᠡᠭᠦᠯᠭᠡᠬᠦ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 2.13 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠲᠠᠩ ᠭᠠᠵᠠᠷ ᠤᠨ ᠳᠣᠲᠣᠷᠠᠬᠢ ᠣᠲᠣ ᠶᠢᠨ ᠪᠠᠶᠢᠭ᠎ᠠ ᠭᠡᠷ ᠪᠠᠶᠢᠰᠢᠩ ᠵᠢᠴᠢ ᠳᠠᠭᠠᠯᠲᠠ ᠪᠡᠯᠡᠳᠬᠡᠮᠵᠢ ᠶᠢ ᠨᠤᠷᠠᠭᠠᠬᠤ ᠨᠥᠬᠦᠪᠦᠷᠢ᠂ ᠭᠠᠵᠠᠷ ᠰᠢᠷᠣᠢ ᠶᠢ ᠲᠡᠭᠰᠢᠯᠡᠬᠦ ᠪᠠ ᠰᠢᠨ᠎ᠡ ᠪᠠᠷ ᠪᠠᠶᠢᠭᠤᠯᠬᠤ ᠣᠷᠣᠨ ᠤ ᠭᠠᠵᠠᠷ ᠰᠢᠷᠣᠢ ᠲᠠᠲᠠᠪᠤᠷᠢᠯᠠᠬᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠤᠰᠤ ᠴᠠᠬᠢᠯᠭᠠᠨ ᠬᠡᠯᠬᠢᠶᠡᠨ ᠤ ᠢᠵᠢ ᠪᠦᠷᠢᠳᠦᠭᠦᠯᠬᠦ ᠵᠡᠷᠭᠡ ᠪᠠᠭᠲᠠᠨ᠎ᠠ᠃ ᠣᠲᠣ ᠪᠣᠯᠲᠠᠯ᠎ᠠ᠂ ᠨᠡᠭᠦᠯᠭᠡᠬᠦ ᠶᠢ ᠵᠥᠪᠰᠢᠶᠡᠷᠡᠭᠰᠡᠨ 475 ᠡᠷᠦᠬᠡ ᠶᠢᠨ 1142 ᠬᠥᠮᠥᠨ ᠳᠤ ᠨᠢᠭᠡᠨᠲᠡ ᠭᠠᠷ ᠤᠨ ᠥᠰᠥᠭ ᠵᠢᠷᠤᠪᠠ᠂ ᠡᠭᠦᠨ ᠳᠤ 342 ᠡᠷᠦᠬᠡ ᠶᠢᠨ 826 ᠬᠥᠮᠥᠨ ᠳᠤ ᠵᠣᠭᠤᠰ ᠤᠨ ᠨᠥᠬᠦᠪᠦᠷᠢ ᠥᠭᠬᠦ ᠶᠢ ᠰᠣᠩᠭᠤᠵᠤ᠂ 133 ᠡᠷᠦᠬᠡ ᠶᠢᠨ 316 ᠬᠥᠮᠥᠨ ᠳᠤ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠰᠣᠩᠭᠤᠪᠠ᠃ ᠲᠥᠪᠬᠢᠨᠡᠭᠦᠯᠬᠦ ᠣᠷᠣᠨ ᠤ  ᠬᠢᠨ ᠨᠡᠶᠢᠳᠡ 3 ᠣᠷᠣᠨ ᠪᠠᠶᠢᠷᠢ ᠶᠢ ᠰᠣᠩᠭᠤᠨ ᠲᠣᠭᠲᠠᠭᠠᠵᠤ᠂ ᠯᠢᠦ ᠯᠢᠨ ᠲᠠᠨ ᠲᠣᠰᠬᠤᠨ ᠤ ᠠᠷᠠᠳ ᠤᠨ ᠵᠥᠪᠯᠡᠯ ᠠᠴᠠ ᠤᠮᠠᠷᠠᠰᠢ᠂ ᠾᠧ ᠱᠠᠩ ᠶᠢᠩ ᠤᠨ ᠰᠢᠶᠠ ᠮᠠ ᠲᠠᠨ ᠲᠣᠰᠬᠤᠨ ᠪᠣᠯᠣᠨ ᠳ᠋ᠠ ᠾᠸᠢ ᠾᠧ ᠭᠤᠣᠯ ᠤᠨ ᠬᠠᠰᠢᠯᠭ᠎ᠠ ᠠᠴᠠ ᠪᠠᠷᠠᠭᠤᠨᠰᠢ᠂ ᠰᠢᠶᠠ ᠲᠠᠨ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠠᠴᠠ ᠵᠡᠭᠦᠨᠰᠢ ᠪᠠᠨ ᠪᠠᠶᠢᠷᠢᠯᠠᠭᠤᠯᠤᠨ᠎ᠠ᠃ ᠲᠥᠪᠬᠢᠨᠡᠭᠦᠯᠬᠦ ᠣᠷᠣᠨ ᠳᠤ ᠨᠡᠶᠢᠲᠡ 185 ᠮᠦ ᠭᠠᠵᠠᠷ ᠰᠢᠷᠣᠢ ᠲᠠᠲᠠᠪᠤᠷᠢᠯᠠᠵᠤ᠂ 120 ᠢᠵᠢ ᠭᠡᠷ ᠪᠠᠶᠢᠰᠢᠩ ᠪᠠᠷᠢᠬᠤ ᠪᠠᠷ ᠲᠥᠯᠥᠪᠯᠡᠵᠦ ᠪᠣᠶ᠂ ᠡᠭᠦᠨ ᠳᠤ 90 ᠲᠡᠭᠰᠢ ᠳᠥᠷᠪᠡᠯᠵᠢᠨ ᠮᠧᠲᠷ ᠤᠨ ᠲᠥᠪᠬᠢᠨᠡᠭᠦᠯᠬᠦ ᠭᠡᠷ ᠪᠠᠶᠢᠰᠢᠩ 12 ᠢᠵᠢ᠂ 60 ᠲᠡᠭᠰᠢ ᠳᠥᠷᠪᠡᠯᠵᠢᠨ ᠮᠧᠲᠷ ᠤᠨ ᠲᠥᠪᠬᠢᠨᠡᠭᠦᠯᠬᠦ ᠭᠡᠷ ᠪᠠᠶᠢᠰᠢᠩ 96 ᠢᠵᠢ᠂ ᠣᠨᠴᠠᠭᠠᠶ ᠬᠥᠮᠥᠰ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ 12 ᠢᠵᠢ ᠪᠠᠶᠢᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1