ᠲᠣᠭᠲᠠᠬᠤ ᠰᠢᠶᠠᠨ᠄ ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ  ᠵᠢᠷᠤᠮᠵᠢᠭᠤᠯᠪᠠ
ᠨᠡᠶᠢᠲᠡᠯᠡᠭᠰᠡᠨ ᠴᠠᠭ᠄
2023/5/18
      ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠵᠢᠵᠢᠭ ᠦᠢᠯᠡᠳᠬᠡᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠠᠷᠢᠶᠠᠲᠤ ᠣᠷᠣᠨ ᠤ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠪᠠᠲᠤᠯᠠᠪᠠ᠃      ᠴᠠᠭᠠᠨ ᠢᠳᠡᠭᠡᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠴᠡᠪᠡᠷ ᠭᠠᠷ ᠢᠶᠠᠷ ᠰᠠᠯᠭᠠᠨ ᠰᠠᠪᠠᠯᠠᠭᠰᠠᠨ ᠡᠭᠡᠳᠡᠭᠰᠡᠨ ᠰᠦ ᠪᠠᠷ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠢᠶᠠᠨ ᠪᠣᠯᠭᠠᠵᠤ᠂ ᠲᠣᠰ ᠦᠢᠯᠡᠳᠬᠦᠨ ᠳᠤ ᠱᠣᠰᠢᠭ᠎ᠠ ᠨᠠᠭᠠᠭᠰᠠᠨ ᠡᠰᠡᠬᠦ᠂ ᠱᠣᠰᠢᠭ᠎ᠠ ᠶᠢᠨ ᠠᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠯᠣᠭᠤᠳᠤᠨ ᠵᠢᠷᠤᠮᠵᠢᠭᠤᠯᠬᠤ ᠶᠢᠨ ᠬᠠᠮᠲᠤ ︽ᠡᠷᠬᠢᠨ ᠬᠠᠷᠠᠬᠤ︾ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠬᠠᠷᠢᠶᠠᠲᠤ ᠣᠷᠣᠨ ᠤ ᠹᠧᠨᠲ᠋ᠢᠶᠣᠤᠷ᠂ ᠪᠤᠷᠴᠠᠭ ᠤᠨ ᠢᠳᠡᠭᠡᠨ᠂ ᠮᠢᠶᠠᠨᠲ᠋ᠢᠶᠤᠤᠷ ᠵᠡᠷᠭᠡ ᠵᠢᠵᠢᠭ ᠦᠢᠯᠡᠳᠬᠡᠯ ᠤᠨ ᠲᠣᠭᠤᠷᠢᠨ ᠳᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠡᠷᠡᠴᠢ ᠪᠠᠷᠢᠮᠲᠠ ᠠᠪᠬᠤ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠢᠴᠢ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠢᠳᠡᠭᠡᠨ ᠡᠳ᠋ᠰᠢᠭᠦᠯᠬᠦ ᠵᠢᠵᠢᠭ ᠦᠢᠯᠡᠳᠬᠡᠯ ᠤᠨ ᠪᠦᠬᠦᠯᠢ ᠴᠣᠭᠴᠠ ᠶᠢᠨ ᠠᠷᠢᠭᠤᠨ ᠴᠡᠪᠡᠷ ᠤᠨ ᠪᠠᠶᠢᠳᠠᠯ᠂ ᠠᠵᠢᠯ ᠤᠨ ᠳᠠᠷᠠᠭᠠᠯᠠᠯ ᠪᠠ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠃      ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠰᠢᠪᠠᠳᠠᠬᠤ ᠪᠠᠨ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠤᠰᠬᠠᠢ ᠵᠦᠢᠯ ᠤᠨ ᠪᠠᠶᠢᠴᠠᠭᠠᠯᠲᠠ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠢᠳᠡᠭᠡᠨ ᠤ ᠵᠦᠢᠯ ᠤᠨ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ ᠤᠨ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠭᠰᠠᠨ᠂ ᠳᠦᠷᠢᠮᠵᠢᠭᠦᠯᠦᠭᠰᠡᠨ᠂ ᠪᠠᠶᠢᠩᠭᠤᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1