ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠤᠨ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠪᠠᠶᠢᠭᠤᠯᠤᠯᠲᠠ | ᠬᠤᠲᠠ ﹇2020﹈ 75 ᠳ᠋ᠤᠭᠠᠷ ᠲᠣᠭᠠᠲᠤ᠂ ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ | ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ | ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠡᠳᠦᠭᠡ | ᠳᠣᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠣᠳᠣᠬᠠᠨ ᠳᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠳᠤ ᠪᠠᠰᠠ | ᠳᠠᠭᠠᠭᠠᠴᠢᠯᠠᠯᠲᠠ ᠵᠠᠷᠯᠠᠭᠴᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ | ᠂ ᠳᠠᠭᠠᠭᠠᠴᠢᠯᠠᠯᠲᠠ ᠬᠦᠯᠢᠶᠡᠭᠴᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠳᠠᠭᠠᠭᠠᠴᠢᠯᠠᠯᠲᠠ ᠣᠯᠣᠭᠰᠠᠳ | ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠪᠠ ᠭᠡᠷ᠎ᠡ ᠶᠢᠨ ᠶᠣᠰᠣᠭᠠᠷ ᠭᠡᠷ᠎ᠡ ᠭᠦᠢᠴᠡᠳᠬᠡᠭᠰᠡᠨ ᠦᠭᠡᠢ᠂ | ᠳᠠᠭᠠᠭᠠᠴᠢᠯᠠᠯᠲᠠ ᠦᠨᠡᠯᠡᠬᠦ ᠺᠣᠮᠢᠰ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠬᠦ ᠦᠭᠡᠢ ᠵᠡᠷᠭᠡ | ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠣᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠡᠮᠬᠢ ᠵᠢᠷᠤᠮ ᠢ ᠵᠢᠷᠤᠮᠵᠢᠭᠤᠯᠬᠤ ᠶᠢᠨ ᠲᠥᠯᠥᠭᠡ᠂ | ᠮᠠᠨ ᠤ ᠲᠢᠩᠬᠢᠮ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠬᠠᠮᠢᠶᠠᠷᠤᠯᠲᠠ ᠶᠢᠨ ᠠᠷᠭ᠎ᠠ︾ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠬᠡᠷᠡᠭᠵᠢᠭᠦᠯᠬᠦ ᠳᠦᠷᠢᠮ︾᠂ ︽ | ᠲᠠᠩᠰᠠᠯᠠᠭᠤᠯᠤᠭᠰᠠᠨ ᠪᠠᠷᠢᠯᠭ᠎ᠠ ᠶᠢᠨ ᠢᠨᠵᠧᠨᠧᠷᠢᠭᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠤᠣᠯ ᠴᠣᠭᠴᠠ ᠶᠢᠨ ᠠᠵᠢᠯᠯᠠᠭ᠎ᠠ ᠶᠢ ᠴᠢᠩᠭ᠎ᠠ | ᠬᠡᠷᠡᠭᠵᠢᠭᠦᠯᠵᠦ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ ᠤᠳ︾ ︵ᠬᠥᠭᠵᠢᠭᠦᠯᠦᠯᠲᠡ | ᠥᠭᠡᠷᠡᠴᠢᠯᠡᠯᠲᠡ ᠬᠠᠤᠯᠢ ᠲᠣᠭᠲᠠᠭᠠᠯ ﹇2022﹈ 1117 ᠳ᠋ᠤᠭᠠᠷ ᠲᠣᠭᠠᠲᠤ︶᠂ ︽ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠳᠠᠭᠠᠭᠠᠯᠲᠠ ᠶᠢᠨ ᠳᠦᠷᠢᠮ ᠢ ᠲᠡᠭᠦᠯᠳᠡᠷᠵᠢᠭᠦᠯᠵᠦ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ | ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠬᠠᠤᠯᠢ ᠲᠣᠭᠲᠠᠭᠠᠯ ﹇2023﹈ 27 ᠳ᠋ᠤᠭᠠᠷ | ᠲᠣᠭᠠᠲᠤ︶ ᠪᠣᠯᠤᠨ ︽ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2022﹈ 58 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ | ᠦᠨᠳᠦᠰᠦᠯᠡᠨ ᠲᠤᠰᠬᠠᠢ ᠠᠷᠭ᠎ᠠ ᠶᠢ ᠲᠤᠭᠳᠠᠭᠠᠪᠠ᠃ | ᠭᠤᠷᠪᠠ᠂ ᠭᠤᠣᠯ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠨᠢ ᠲᠣᠭᠲᠠᠭᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠡᠯ᠎ᠡ | ᠲᠠᠯ᠎ᠠ ᠶᠢᠨ ᠭᠤᠤᠯ ᠴᠣᠭᠴᠠ ᠶᠢᠨ ᠦᠢᠯᠡ ᠠᠵᠢᠯᠯᠠᠭ᠎ᠠ ᠵᠡᠷᠭᠡ ᠲᠠᠯ᠎ᠠ ᠪᠠᠷ ᠪᠣᠳᠠᠲᠠᠶ ᠲᠣᠭᠲᠠᠭᠠᠯ ᠭᠠᠷᠭᠠᠵᠤ᠂ ᠨᠡᠶᠢᠲᠡ | ᠳᠣᠯᠣᠭᠠᠨ ᠪᠦᠯᠦᠭ ᠳᠥᠴᠢᠨ ᠵᠢᠷᠭᠤᠭᠠᠨ ᠵᠦᠢᠯ ᠪᠠᠶᠢᠨ᠎ᠠ᠃ | ︵ᠨᠢᠭᠡ︶ ᠶᠡᠷᠦᠩᠬᠡᠢ ᠳᠦᠷᠢᠮ ᠤᠨ ᠲᠤᠬᠠᠢ | ᠭᠤᠣᠯᠳᠠᠭᠤ ᠲᠣᠭᠲᠠᠭᠠᠭᠰᠠᠨ ᠵᠣᠷᠢᠯᠭ᠎ᠠ᠂ ᠬᠡᠷᠡᠭᠯᠡᠬᠦ ᠬᠡᠪᠴᠢᠶ᠎ᠡ ᠪᠠ ᠬᠠᠮᠢᠶᠠᠷᠬᠤ ᠡᠷᠬᠡ ᠮᠡᠳᠡᠯ ᠤᠨ ᠲᠤᠬᠠᠶ | ᠲᠣᠭᠲᠠᠭᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ ᠳᠤ ᠲᠣᠰ ᠠᠷᠭ᠎ᠠ ᠶᠢ ᠬᠡᠷᠡᠭᠯᠡᠬᠦ ᠶᠢ ᠲᠣᠳᠣᠷᠬᠠᠶᠢᠯᠠᠭᠰᠠᠨ ᠪᠥᠭᠡᠳ ᠡᠯ᠎ᠡ ᠱᠠᠲᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠮᠢᠶ᠎ᠠ ᠪᠦᠬᠦᠢ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ ᠭᠡᠵᠦ ᠲᠣᠭᠲᠠᠭᠠᠪᠠ᠃ | ︵ᠬᠤᠶᠠᠷ︶ ᠳᠠᠭᠠᠭᠠᠴᠢᠯᠠᠯᠲᠠ ᠵᠠᠷᠯᠠᠬᠤ ᠵᠢᠴᠢ ᠳᠠᠭᠠᠭᠠᠴᠢᠯᠠᠯᠲᠠ ᠶᠢᠨ ᠳᠠᠷᠠᠭᠠᠬᠢ ᠬᠠᠮᠢᠶᠠᠷᠤᠯᠲᠠ ᠶᠢᠨ | ᠲᠤᠬᠠᠢ | ᠳᠠᠭᠠᠭᠠᠴᠢᠯᠠᠯᠲᠠ ᠵᠠᠷᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠭᠠᠭᠠᠴᠢᠯᠠᠯᠲᠠ | ᠵᠠᠷᠯᠠᠭᠴᠢ ᠪᠠ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠪᠠ᠃ ᠡᠯᠧᠺᠲᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ︽ ᠦᠨᠡᠯᠡᠯᠳᠡ | ᠲᠣᠭᠲᠠᠭᠠᠬᠤ ᠶᠢ ᠰᠠᠯᠭᠠᠬᠤ︾ ᠪᠠ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠲᠥᠯᠥᠪᠯᠡᠭᠡ ᠶᠢ ᠤᠷᠢᠳᠴᠢᠯᠠᠨ ᠨᠡᠶᠢᠲᠡᠯᠡᠬᠦ | ᠵᠡᠷᠭᠡ ᠳᠦᠷᠢᠮ ᠢ ᠬᠡᠷᠡᠭᠵᠢᠭᠦᠯᠵᠦ᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠲᠤᠰᠢᠶᠠᠬᠤ ᠪᠠ | ᠡᠭᠡᠭᠦᠯᠦᠨ ᠪᠤᠴᠠᠭᠠᠬᠤ ᠶᠢ ᠵᠢᠷᠤᠮᠵᠢᠭᠤᠯᠤᠨ᠂ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠭᠡᠮ ᠤᠨ ᠨᠥᠬᠦᠴᠡᠯ ᠤᠨ | ᠱᠠᠭᠠᠷᠳᠠᠯᠭ᠎ᠠ ᠶᠢᠨ ᠪᠠᠶᠢᠷᠢᠯᠠᠭᠤᠯᠤᠯᠲᠠ᠂ ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠪᠣᠯᠤᠨ ᠳᠠᠭᠠᠭᠠᠴᠢᠯᠠᠯᠲᠠ | ᠲᠣᠭᠲᠠᠭᠠᠬᠤ ᠵᠠᠷᠴᠢᠮ ᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠬᠡᠯᠪᠡᠷᠢ ᠶᠢᠨ | ᠱᠠᠭᠠᠷᠳᠠᠯᠭ᠎ᠠ ᠶᠢ ᠳᠥᠭᠦᠮᠴᠢᠯᠡᠨ᠂ ᠳᠠᠭᠠᠭᠠᠴᠢᠯᠠᠯᠲᠠ ᠵᠠᠷᠯᠠᠬᠤ ᠬᠢᠵᠠᠭᠠᠷᠯᠠᠯ ᠤᠨ ᠦᠨ᠎ᠡ ᠶᠢ ᠵᠦᠢ ᠵᠣᠬᠢᠰᠲᠠᠶ | ᠲᠣᠭᠲᠠᠭᠠᠵᠤ᠂ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠢ ᠨᠡᠶᠢᠲᠡ ᠳᠤ ᠵᠠᠷᠯᠠᠬᠤ ᠵᠢᠴᠢ ᠣᠨᠳᠣᠤ ᠰᠠᠨᠠᠯ ᠲᠠᠢ | ᠵᠦᠢᠯ ᠢ ᠬᠢᠨᠠᠨ ᠬᠠᠷᠭᠤᠭᠤᠯᠬᠤ ᠪᠠ ᠬᠠᠷᠢᠭᠤᠯᠲᠠ ᠥᠭᠬᠦ ᠶᠢ ᠵᠢᠷᠤᠮᠵᠢᠭᠤᠯᠤᠨ᠂ ᠳᠠᠭᠠᠭᠠᠴᠢᠯᠠᠯᠲᠠ ᠣᠯᠤᠭᠰᠠᠳ ᠢ | ᠵᠠᠩᠭᠢᠯᠠᠭ᠎ᠠ ᠶᠢᠨ ᠠᠵᠢᠯ ᠤᠨ ᠪᠠᠶᠢᠷᠢ ᠳᠤᠨᠢ ᠬᠤᠪᠢᠷᠠᠭᠤᠯᠬᠤ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠪᠠ᠃ | ︵ᠭᠤᠷᠪᠠ︶ ᠳᠠᠭᠠᠭᠠᠴᠢᠯᠠᠯᠳᠠ ᠬᠦᠯᠢᠶᠡᠬᠦ ᠳᠤᠬᠠᠢ | ᠳᠠᠭᠠᠭᠠᠴᠢᠯᠠᠯᠲᠠ ᠬᠦᠯᠢᠶᠡᠭᠴᠢ ᠶᠢᠨ ᠴᠠᠭᠠᠵᠠᠯᠠᠬᠤ ᠴᠢᠨᠠᠷᠲᠠᠶ ᠦᠢᠯᠡ ᠠᠵᠢᠯᠯᠠᠭ᠎ᠠ ᠶᠢ ᠲᠣᠳᠣᠷᠬᠠᠶᠢᠯᠠᠵᠤ᠂ | ᠳᠠᠭᠠᠭᠠᠴᠢᠯᠠᠯᠲᠠ ᠬᠦᠯᠢᠶᠡᠭᠴᠢ ᠨᠢ ᠬᠤᠳᠠᠯ ᠬᠡᠯᠡᠵᠦ ᠬᠠᠭᠤᠷᠮᠠᠭ ᠢᠶᠠᠷ ᠳᠠᠭᠠᠭᠠᠴᠢᠯᠠᠯᠲᠠ ᠬᠢᠵᠦ ᠪᠣᠯᠬᠤ ᠦᠭᠡᠢ᠂ | ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ᠂ ᠳᠠᠭᠠᠭᠠᠴᠢᠯᠠᠯᠲᠠ ᠦᠨᠡᠯᠡᠬᠦ | ᠺᠣᠮᠢᠰ ᠵᠡᠷᠭᠡ ᠲᠠᠢ ᠰᠦᠯᠪᠡᠭᠡᠯᠳᠦᠨ ᠳᠠᠭᠠᠭᠠᠴᠢᠯᠠᠯᠲᠠ ᠬᠢᠵᠦ ᠪᠣᠯᠬᠤ ᠦᠭᠡᠢ ᠭᠡᠳᠡᠭ ᠢ ᠲᠣᠳᠣᠷᠬᠠᠶᠢᠯᠠᠪᠠ᠃ | ᠡᠭᠦᠨ ᠠᠴᠠ ᠭᠠᠳᠠᠨ᠎ᠠ᠂ ᠳᠠᠭᠠᠭᠠᠴᠢᠯᠠᠯᠲᠠ ᠬᠦᠯᠢᠶᠡᠭᠴᠢ ᠨᠢ ᠮᠠᠭᠤ ᠰᠠᠨᠠᠭ᠎ᠠ ᠲᠠᠢ ᠪᠠᠷ ᠣᠨᠳᠣᠤ ᠰᠠᠨᠠᠯ ᠳᠤᠷᠠᠳᠴᠤ᠂ | ᠵᠠᠭᠠᠯᠳᠤᠬᠤ ᠪᠤᠶᠤ ᠢᠯᠡᠴᠢᠯᠡᠨ ᠮᠡᠳᠡᠭᠦᠯᠵᠦ ᠪᠣᠯᠬᠤ ᠦᠭᠡᠶ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠡᠪ ᠤᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠶ ᠭᠡᠵᠦ ᠣᠨᠴᠣᠭᠤᠶᠢᠯᠠᠨ ᠲᠣᠭᠲᠠᠭᠠᠪᠠ᠃ | ︵ᠲᠦᠷᠪᠡ︶ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠦᠨᠡᠯᠡᠬᠦ ᠺᠣᠮᠢᠰ ᠤᠨ ᠲᠤᠬᠠᠢ | ᠲᠤᠰᠬᠠᠶ ᠮᠡᠷᠭᠡᠵᠢᠯᠲᠡᠨ ᠤ ᠳᠠᠭᠠᠭᠠᠴᠢᠯᠠᠯᠲᠠ ᠦᠨᠡᠯᠡᠬᠦ ᠦᠢᠯᠡ ᠠᠵᠢᠯᠯᠠᠭ᠎ᠠ ᠵᠢᠴᠢ ᠳᠠᠭᠠᠭᠠᠴᠢᠯᠠᠯᠲᠠ ᠦᠨᠡᠯᠡᠬᠦ | ᠰᠠᠬᠢᠯᠭ᠎ᠠ ᠪᠠᠲᠤ ᠶᠢ ᠲᠣᠳᠣᠷᠬᠠᠶ ᠲᠣᠭᠲᠠᠭᠠᠵᠤ᠂ ᠳᠠᠭᠠᠭᠠᠴᠢᠯᠠᠯᠲᠠ ᠦᠨᠡᠯᠡᠬᠦ ᠺᠣᠮᠢᠰ ᠠᠴᠠ ᠬᠤᠪᠢ ᠥᠭᠬᠦ ᠳᠡᠭᠡᠨ | ᠬᠡᠳᠦ ᠦᠨᠳᠦᠷ ᠬᠡᠳᠦ ᠲᠤᠤᠷ᠎ᠠ ᠪᠠᠶᠢᠵᠦ ᠪᠣᠯᠬᠤ ᠥᠬᠡᠶ᠂ ᠠᠳᠠᠯᠢ ᠪᠤᠰᠤ ᠳᠠᠭᠠᠭᠠᠴᠢᠯᠠᠯᠲᠠ ᠬᠦᠯᠢᠶᠡᠬᠦ ᠪᠢᠴᠢᠭ | ᠮᠠᠲ᠋ᠧᠷᠢᠶᠠᠯ ᠤᠨ ᠳᠣᠲᠣᠷᠠᠬᠢ ᠠᠳᠠᠯᠢ ᠲᠥᠷᠥᠯ ᠤᠨ ᠠᠰᠠᠭᠤᠳᠠᠯ᠂ ᠠᠳᠠᠯᠢ ᠲᠥᠷᠥᠯ ᠤᠨ ᠪᠠᠶᠢᠳᠠᠯ ᠳᠤ ᠴᠢᠭᠯᠡᠭᠦᠯᠦᠨ | ᠠᠳᠠᠯᠢ ᠪᠠᠷ ᠰᠢᠢᠳᠪᠦᠷᠢᠯᠡᠬᠦ ᠬᠡᠷᠡᠭᠲᠡᠶ᠃ ᠳᠠᠭᠠᠭᠠᠴᠢᠯᠠᠯᠲᠠ ᠦᠨᠡᠯᠡᠬᠦ ᠺᠣᠮᠢᠰ ᠢ ᠳᠠᠭᠠᠭᠠᠴᠢᠯᠠᠯᠲᠠ ᠬᠦᠯᠢᠶᠡᠬᠦ ᠪᠢᠴᠢᠭ | ᠮᠠᠲ᠋ᠧᠷᠢᠶᠠᠯ ᠤᠨ ᠮᠡᠷᠭᠡᠵᠢᠯ ᠤᠨ ᠬᠡᠰᠡᠭ ᠢ ᠬᠢᠨᠠᠨ ᠲᠣᠭᠲᠠᠭᠠᠬᠤ ᠵᠢᠴᠢ ᠬᠤᠪᠢ ᠥᠭᠭᠦᠭᠰᠡᠨ ᠪᠠᠶᠢᠳᠠᠯ ᠳᠤ ᠪᠢᠴᠢᠭ ᠤᠨ | ᠲᠣᠳᠣᠷᠬᠠᠶᠢᠯᠠᠯᠲᠠ ᠬᠢᠬᠦ ᠶᠢ ᠱᠠᠭᠠᠷᠳᠠᠨ᠎ᠠ᠃ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠲᠥᠪ | ᠭᠤᠣᠯᠴᠢ ᠪᠠᠷ ᠳᠠᠭᠠᠭᠠᠴᠢᠯᠠᠯᠲᠠ ᠦᠨᠡᠯᠡᠬᠦ ᠶᠢ ᠨᠥᠯᠥᠭᠡᠯᠡᠵᠦ ᠮᠡᠳᠡᠬᠦ ᠸᠢᠴᠠᠲ ᠬᠤᠯᠪᠤᠭ᠎ᠠ᠂ QQ ᠴᠤᠭᠯᠠᠷᠠᠯ ᠵᠡᠷᠭᠡ | ᠰᠦᠯᠵᠢᠶᠡᠨ ᠤ ᠴᠢᠮᠡᠭᠡ ᠬᠤᠯᠪᠣᠭᠠᠨ ᠤ ᠳᠤᠭᠤᠶᠢᠯᠠᠩ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ | ᠪᠣᠯᠬᠤ ᠦᠭᠡᠢ ᠭᠡᠵᠦ ᠲᠣᠭᠲᠠᠭᠠᠵᠠᠢ᠃ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠨᠠᠶᠢᠷᠠᠭᠤᠯᠤᠨ | ᠵᠣᠬᠢᠶᠠᠬᠤ ᠳᠤ ᠣᠷᠣᠯᠴᠠᠬᠤ ᠲᠤᠰᠬᠠᠶ ᠮᠡᠷᠭᠡᠵᠢᠯᠲᠡᠨ ᠬᠤᠯᠪᠣᠭᠳᠠᠯ ᠪᠦᠬᠦᠢ ᠪᠠᠷᠢᠯᠭ᠎ᠠ ᠶᠢᠨ ᠳᠠᠭᠠᠭᠠᠴᠢᠯᠠᠯᠲᠠ ᠦᠨᠡᠯᠡᠬᠦ | ᠠᠵᠢᠯ ᠳᠤ ᠣᠷᠣᠯᠴᠠᠵᠤ ᠪᠣᠯᠬᠤ ᠦᠭᠡᠢ ᠭᠡᠵᠦ ᠲᠣᠭᠲᠠᠭᠠᠪᠠ᠃ ᠳᠠᠭᠠᠭᠠᠴᠢᠯᠠᠯᠲᠠ ᠰᠢᠯᠭᠠᠷᠠᠭᠤᠯᠤᠨ ᠲᠣᠭᠲᠠᠭᠠᠬᠤ | ᠺᠣᠮᠢᠰ ᠤᠨ ᠪᠦᠷᠢᠯᠳᠦᠬᠦᠨ ᠳᠤ ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠨᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠶ᠂ ᠳᠠᠭᠠᠭᠠᠴᠢᠯᠠᠯᠲᠠ ᠬᠦᠯᠢᠶᠡᠭᠴᠢ ᠳᠤ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠡᠰᠡᠬᠦᠯ᠎ᠡ ᠪᠤᠰᠤᠳ | ᠳᠠᠭᠠᠭᠠᠴᠢᠯᠠᠯᠲᠠ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠪᠦᠷᠢᠯᠳᠦᠬᠦᠨ ᠨᠢ ᠬᠡᠯᠪᠡᠷᠢᠯ ᠤᠨ ᠴᠢᠨᠠᠷᠲᠠᠶ᠂ ᠪᠤᠷᠤᠭᠤ | ᠬᠥᠲᠥᠯᠬᠦ ᠴᠢᠨᠠᠷᠲᠠᠶ ᠪᠤᠶᠤ ᠳᠠᠯᠳᠠᠭᠤᠷ ᠢᠯᠡᠳᠬᠡᠬᠦ ᠴᠢᠨᠠᠷᠲᠠᠶ ᠰᠠᠨᠠᠯ ᠰᠠᠨᠠᠭᠤᠯᠭ᠎ᠠ ᠪᠠᠶᠢᠪᠠᠯ᠂ ᠳᠠᠭᠠᠭᠠᠴᠢᠯᠠᠯᠲᠠ | ᠵᠠᠷᠯᠠᠭᠴᠢ ᠵᠢᠴᠢ ᠲᠤᠰ ᠲᠥᠷᠥᠯ ᠵᠦᠢᠯ ᠳᠤ ᠬᠢᠨᠠᠯᠲᠠ ᠲᠠᠯᠪᠢᠭᠰᠠᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵ᠲᠠᠪᠤ︶ ᠭᠡᠷ᠎ᠡ ᠶᠢ ᠬᠡᠷᠡᠭᠵᠢᠭᠦᠯᠬᠦ ᠲᠤᠬᠠᠢ | ᠳᠠᠭᠠᠭᠠᠴᠢᠯᠠᠯᠲᠠ ᠣᠯᠤᠭᠰᠠᠨ ᠬᠥᠮᠦᠨ ᠳᠠᠭᠠᠭᠠᠴᠢᠯᠠᠯᠲᠠ ᠬᠦᠯᠢᠶᠡᠭᠰᠡᠨ ᠤ ᠳᠠᠷᠠᠭ᠎ᠠ ᠪᠣᠯᠵᠤᠭ᠎ᠠ ᠭᠦᠢᠴᠡᠳᠬᠡᠬᠦ | ᠡᠭᠦᠷᠭᠡ ᠶᠢ ᠲᠣᠳᠣᠷᠬᠠᠶᠢᠯᠠᠪᠠ᠃ ᠳᠠᠭᠠᠭᠠᠴᠢᠯᠠᠯᠲᠠ ᠣᠯᠤᠭᠴᠢ ᠭᠡᠷ᠎ᠡ ᠲᠣᠭᠲᠠᠬᠤ ᠦᠶᠡᠰ ᠳᠠᠭᠠᠭᠠᠴᠢᠯᠠᠯᠲᠠ | ᠵᠠᠷᠯᠠᠭᠴᠢ ᠳᠤ ᠨᠡᠮᠡᠯᠲᠡ ᠨᠥᠬᠦᠴᠡᠯ ᠳᠤᠷᠠᠳᠴᠤ ᠪᠣᠯᠬᠤ ᠦᠭᠡᠶ᠂ ᠳᠠᠭᠠᠭᠠᠴᠢᠯᠠᠯᠲᠠ ᠵᠠᠷᠯᠠᠬᠤ ᠪᠠ ᠬᠠᠤᠯᠢ ᠠᠴᠠ | ᠵᠥᠷᠢᠴᠡᠨ ᠳᠠᠭᠠᠭᠠᠴᠢᠯᠠᠯᠲᠠ ᠤᠯᠤᠭᠰᠠᠨ ᠪᠠᠷᠢᠯᠭ᠎ᠠ ᠶᠢ ᠬᠤᠪᠢᠶᠠᠨ ᠳᠠᠭᠠᠭᠠᠴᠢᠯᠠᠭᠤᠯᠵᠤ ᠪᠣᠯᠬᠤ ᠦᠭᠡᠶ᠂ | ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠳᠤ ᠪᠣᠯᠵᠣᠨ ᠲᠣᠭᠲᠠᠭᠰᠠᠨ ᠬᠠᠮᠢᠶᠠᠷᠤᠯᠲᠠ ᠶᠢᠨ ᠠᠵᠢᠯᠲᠠᠨ ᠢ | ᠳᠤᠷ᠎ᠠ ᠪᠠᠷ ᠢᠶᠠᠨ ᠰᠣᠯᠢᠵᠤ ᠪᠣᠯᠬᠤ ᠦᠭᠡᠶ᠂ ᠦᠨᠡᠨᠬᠦ ᠰᠣᠯᠢᠬᠤ ᠴᠢᠬᠤᠯᠠ ᠲᠠᠢ ᠪᠣᠯ ᠬᠤᠪᠢᠷᠠᠭᠤᠯᠤᠭᠰᠠᠨ ᠲᠤᠭ᠎ᠠ | ᠬᠡᠮᠵᠢᠶ᠎ᠡ ᠨᠢ 50% ᠠᠴᠠ ᠬᠡᠲᠦᠷᠡᠵᠦ ᠪᠣᠯᠬᠤ ᠦᠭᠡᠶ ᠪᠥᠭᠡᠳ ᠡᠮᠦᠨ᠎ᠡ ᠬᠤᠶᠢᠨᠠᠬᠢ ᠬᠠᠮᠢᠶ᠎ᠠ ᠪᠦᠬᠦᠢ ᠬᠥᠮᠦᠰ ᠤᠨ | ᠨᠥᠬᠦᠴᠡᠯ ᠢ ᠬᠤᠪᠢᠷᠠᠭᠤᠯᠬᠤ ᠳᠤ ᠡᠷᠬᠡᠪᠰᠢ ᠨᠢᠭᠡᠳᠦᠯᠲᠡᠶ ᠪᠠᠶᠢᠬᠤ ᠬᠡᠷᠡᠭᠲᠡᠶ᠃ ᠬᠤᠪᠢᠷᠠᠭᠤᠯᠤᠭᠰᠠᠨ ᠮᠡᠳᠡᠭᠡ | ᠵᠠᠩᠭᠢ ᠶᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠵᠤ᠂ ᠳᠠᠭᠠᠭᠠᠴᠢᠯᠠᠯᠲᠠ ᠣᠯᠤᠭᠰᠠᠳ ᠢ ᠳᠠᠭᠠᠭᠠᠴᠢᠯᠠᠯᠲᠠ | ᠵᠠᠷᠯᠠᠭᠴᠢ ᠶᠢᠨ ᠰᠠᠨᠠᠯ ᠵᠢᠴᠢ ᠬᠤᠪᠢᠷᠠᠭᠤᠯᠬᠤ ᠠᠴᠠ ᠡᠮᠦᠨ᠎ᠡ ᠬᠤᠶᠢᠨᠠᠬᠢ ᠬᠥᠮᠦᠰ ᠤᠨ ᠬᠠᠮᠢᠶ᠎ᠠ ᠪᠦᠬᠦᠢ ᠮᠡᠳᠡᠭᠡ | ᠵᠠᠩᠭᠢ ᠶᠢ ᠴᠠᠭ ᠲᠤᠬᠠᠶ ᠳᠤᠨᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠬᠠᠮᠢᠶ᠎ᠠ | ᠪᠦᠬᠦᠢ ᠮᠠᠲ᠋ᠧᠷᠢᠶᠠᠯ ᠢ ᠢᠯᠡ ᠪᠣᠯᠭᠠᠬᠤ ᠶᠢ ᠱᠠᠭᠠᠷᠳᠠᠪᠠ᠃ | ︵ᠵᠢᠷᠭᠤᠭ᠎ᠠ︶ ᠬᠢᠨᠠᠯᠳᠠ ᠬᠠᠮᠢᠶᠠᠷᠤᠯᠳᠠ ᠶᠢᠨ ᠲᠤᠬᠠᠢ | ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠲᠤᠳᠤᠷᠬᠠᠶᠢᠯᠠᠪᠠ᠃ ᠪᠠᠶᠢᠳᠠᠯ ᠢ ᠮᠡᠳᠡᠭᠳᠡᠬᠦ ᠳᠦᠷᠢᠮ ᠢ ᠪᠠᠶᠢᠭᠤᠯᠵᠤ᠂ ᠳᠠᠭᠠᠭᠠᠴᠢᠯᠠᠯᠲᠠ | ᠵᠠᠷᠯᠠᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠭᠡᠶ᠂ ᠳᠠᠭᠠᠭᠠᠴᠢᠯᠠᠯᠲᠠ ᠣᠯᠤᠭᠰᠠᠳ ᠤᠨ ᠭᠡᠷ᠎ᠡ | ᠭᠦᠢᠴᠡᠳᠬᠡᠬᠦ ᠦᠭᠡᠶ ᠪᠠᠶᠢᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ | ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠠᠭᠠᠭᠠᠴᠢᠯᠠᠯᠲᠠ ᠦᠨᠡᠯᠡᠬᠦ ᠲᠤᠰᠬᠠᠶ | ᠮᠡᠷᠭᠡᠵᠢᠯᠲᠡᠨ ᠤ ᠬᠤᠪᠢ ᠲᠡᠮᠳᠡᠭᠯᠡᠬᠦ ᠶᠢ ᠦᠨᠡᠯᠡᠬᠦ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ | ᠦᠨᠡᠯᠡᠬᠦ ᠲᠤᠰᠬᠠᠶ ᠮᠡᠷᠭᠡᠵᠢᠯᠲᠡᠨ ᠤ ᠬᠥᠳᠡᠯᠦᠩᠭᠦᠶ ᠲᠣᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ | ᠲᠠᠶᠢᠯᠤᠮᠵᠢ ᠬᠢᠭᠴᠢ᠄ ᠮᠠ ᠶᠢᠨ ᠴᠧᠨ᠂ ᠬᠠᠷᠢᠯᠴᠠᠬᠤ ᠠᠷᠭ᠎ᠠ᠄ 6944780 | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ |