ᠦᠰᠦᠭ ᠪᠢᠴᠢᠭ ᠤᠨ ᠲᠠᠶᠢᠯᠤᠮᠵᠢ᠄ ︽2023 ᠣᠨ ᠤ ᠪᠥᠬᠦ ᠣᠷᠣᠨ ᠤ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/18
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽2023 ᠣᠨ ᠤ ᠪᠥᠬᠦ ᠣᠷᠣᠨ ᠤ ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ︵ᠥᠪᠥᠷ ᠪᠠᠶᠢᠭᠤᠯᠤᠯᠲᠠ ᠲᠣᠰᠬᠤᠨ ﹇2023﹈ 67 ᠳ᠋ᠤᠭᠠᠷ ᠲᠣᠭᠠᠲᠤ᠂ ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄      ᠨᠢᠭᠡ᠂ ᠲᠣᠭᠲᠠᠭᠠᠭᠰᠠᠨ ᠠᠬᠤᠶ ᠪᠠᠶᠢᠳᠠᠯ      ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ  ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠲᠣᠰ ︽ᠠᠵᠢᠯᠯᠠᠭᠠᠨ ᠤ ᠲᠥᠰᠦᠯ︾ ᠢ ᠲᠣᠭᠲᠠᠭᠠᠪᠠ᠃     ᠬᠤᠶᠠᠷ᠂ ᠣᠷᠣᠨ ᠲᠣᠭᠠᠨ ᠤ ᠦᠨᠳᠦᠰᠦᠯᠡᠯ      ︽︿ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭᠠᠨ ᠤ ᠲᠥᠰᠦᠯ ︵2021 - 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠥᠰᠥᠭ ﹇2021﹈ 44 ᠳ᠋ᠦ᠋ᠭᠡᠷ ᠲᠣᠭᠠᠲᠤ︶᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 6 ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠪᠠᠶᠢᠭᠤᠯᠤᠯᠲᠠ ᠲᠣᠰᠬᠤᠨ ﹇2022﹈ 44 ᠳ᠋ᠦ᠋ᠭᠡᠷ ᠲᠣᠭᠠᠲᠤ︶ ᠂ ︽︿ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠪᠡᠯᠡ ﹇2022﹈ 1932 ᠳ᠋ᠤᠭᠠᠷ ᠲᠣᠭᠠᠲᠤ︶᠂ ︽︿ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2021 - 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ︽ᠠᠵᠢᠯᠯᠠᠭᠠᠨ ᠤ ᠲᠥᠰᠦᠯ︾ ᠢ ᠲᠣᠭᠲᠠᠭᠠᠪᠠ᠃       ᠭᠤᠷᠪᠠ᠂ ᠠᠵᠢᠯ ᠤᠨ ᠬᠠᠷᠠᠯᠲᠠ      ︽ᠠᠵᠢᠯᠯᠠᠭᠠᠨ ᠤ ᠲᠥᠰᠦᠯ︾ ᠳᠤ 2023 ᠣᠨ ᠤ ᠬᠡᠮᠵᠢᠶᠡᠵᠢᠭᠦᠯᠦᠭᠰᠡᠨ ᠬᠠᠷᠠᠯᠲᠠ ᠶᠢ ᠲᠣᠳᠣᠷᠬᠠᠶᠢᠯᠠᠪᠠ᠃ 2023 ᠣᠨ ᠤ ᠡᠴᠦᠰ ᠪᠣᠯᠬᠤ ᠳᠤ᠂ ᠪᠥᠬᠦ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠲᠠᠢ ᠪᠠᠶᠢᠭᠤᠯᠤᠯᠳᠦ ᠪᠠᠯᠭᠠᠰᠤ ᠶᠢ 40% ᠠᠴᠠ ᠳᠡᠭᠡᠭᠰᠢ ᠳᠤ ᠬᠦᠷᠦᠭᠦᠯᠵᠦ᠂ ᠬᠠᠲᠤᠨ ᠭᠤᠤᠯ ᠤᠨ ᠰᠠᠪᠠ ᠭᠠᠵᠠᠷ ᠢ ᠪᠦᠷᠢᠨ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ ᠬᠠᠲᠤᠨ ᠭᠤᠤᠯ ᠤᠨ ᠰᠠᠪᠠ ᠭᠠᠵᠠᠷ ᠢ ᠦᠨᠳᠦᠰᠦᠨ ᠳᠤ ᠪᠠᠨ ᠪᠦᠷᠬᠦᠭᠦᠯᠬᠦ ᠶᠢ ᠪᠡᠶᠡᠯᠡᠭᠦᠯᠦᠨ᠎ᠡ᠃      ᠳᠥᠷᠪᠡ᠂ ᠠᠵᠢᠯ ᠤᠨ ᠡᠭᠦᠷᠭᠡ      ︽ᠠᠵᠢᠯᠯᠠᠭᠠᠨ ᠤ ᠲᠥᠰᠦᠯ︾ ᠨᠢ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ ᠳᠤ ᠬᠤᠯᠪᠣᠭᠳᠠᠵᠤ᠂ ᠡᠭᠦᠨ ᠳᠤ ᠪᠥᠬᠦ ᠣᠷᠣᠨ ᠤ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠪᠠᠭᠲᠠᠨ᠎ᠠ᠃      ︽ᠠᠵᠢᠯᠯᠠᠭᠠᠨ ᠤ ᠲᠥᠰᠦᠯ︾ ᠳᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠨᠢᠭᠡ ᠳᠤ᠂ ᠪᠣᠬᠢᠷ ᠤᠰᠤ ᠶᠢ ᠵᠠᠰᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠪᠠ᠃ ᠪᠠᠶᠢᠭᠤᠯᠤᠯᠳᠦ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠷᠣᠨ ᠪᠠᠶᠢᠷᠢ ᠶᠢᠨ ᠣᠨᠴᠠᠯᠢᠭ ᠶᠣᠰᠣᠭᠠᠷ᠂ ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠠᠶᠢᠷᠢᠰᠢᠭᠤᠯᠤᠯ᠂ ᠭᠠᠷ ᠤᠷᠠᠯᠠᠯ᠂ ᠬᠡᠪᠴᠢᠶ᠎ᠡ ᠪᠣᠯᠤᠨ ᠦᠢᠯᠡᠴᠢᠯᠡᠭᠡᠨ ᠤ ᠬᠡᠪᠴᠢᠶ᠎ᠡ ᠶᠢ ᠵᠦᠢ ᠵᠣᠬᠢᠰᠲᠠᠶ ᠲᠥᠯᠥᠪᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ  ᠰᠢᠢᠳᠪᠦᠷᠢᠯᠡᠬᠦ ᠵᠠᠭᠪᠤᠷ ᠢ ᠰᠣᠩᠭᠤᠬᠤ ᠬᠡᠷᠡᠭᠲᠡᠶ᠃ ᠬᠤᠶᠠᠷ ᠲᠤ᠂ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠯ᠎ᠡ ᠭᠠᠵᠠᠷ ᠤᠨ ᠬᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠭᠤᠷᠪᠠ ᠳᠤ᠂ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠪᠠ᠃ ᠪᠡᠯᠡᠳᠬᠡᠮᠵᠢ ᠶᠢᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠪᠠ ᠥᠨᠳᠥᠷ ᠬᠢᠷᠢ ᠲᠦᠪᠰᠢᠨ ᠪᠥᠬᠦᠶ ᠠᠵᠢᠯᠯᠠᠭᠠᠨ ᠤ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠰᠢᠰᠲ᠋ᠧᠮᠲᠦ ᠴᠢᠨᠠᠷ ᠪᠠ ᠲᠣᠭᠲᠠᠪᠤᠷᠢᠲᠤ ᠴᠢᠨᠠᠷ ᠢ ᠦᠨᠡᠨ ᠬᠦ ᠪᠠᠲᠤᠯᠠᠨ᠎ᠠ᠃ ᠳᠥᠷᠪᠡ ᠳᠤ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠠᠮᠢᠳᠤᠷᠠᠯ ᠤᠨ ᠪᠣᠬᠢᠷ ᠤᠰᠤ ᠶᠢ ᠳᠠᠬᠢᠨ ᠠᠰᠢᠭᠯᠠᠬᠤ ᠪᠡᠯᠡᠳᠬᠡᠮᠵᠢ᠂ ᠪᠣᠬᠢᠷ ᠰᠢᠪᠠᠷ ᠢ ᠬᠤᠤᠷ ᠦᠭᠡᠶ ᠪᠣᠯᠭᠠᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠢ ᠥᠷᠭᠡᠳᠬᠡᠵᠦ᠂ ᠪᠣᠬᠢᠷ ᠰᠢᠪᠠᠷ ᠬᠤᠭ ᠨᠣᠪᠰᠢ ᠶᠢ ᠬᠠᠮᠵᠢᠯᠴᠠᠨ ᠰᠢᠢᠳᠪᠦᠷᠢᠯᠡᠬᠦ ᠶᠢ ᠢᠳᠡᠪᠬᠢᠲᠡᠶ ᠪᠠᠷ ᠳᠡᠯᠭᠡᠷᠡᠭᠦᠯᠵᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃      ︽ᠠᠵᠢᠯᠯᠠᠭᠠᠨ ᠤ ᠲᠥᠰᠦᠯ︾ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠨᠢᠭᠡ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠯᠭᠠᠰᠤ ᠲᠣᠰᠬᠤᠨ ᠤ ᠲᠠᠷᠬᠠᠯᠲᠠ᠂ ᠵᠠᠰᠠᠭ ᠤᠨ ᠣᠷᠳᠣᠨ ᠤ ᠡᠳ᠋ ᠤᠨ ᠬᠦᠴᠦᠨ᠂ ᠬᠥᠮᠦᠨ ᠠᠮᠠ ᠶᠢᠨ ᠬᠡᠪᠴᠢᠶ᠎ᠡ᠂ ᠵᠠᠮ ᠬᠠᠷᠢᠯᠴᠠᠭᠠᠨ ᠤ ᠨᠥᠬᠦᠴᠡᠯ᠂ ᠲᠡᠭᠡᠭᠡᠪᠦᠷᠢ ᠶᠢᠨ ᠵᠠᠶ ᠵᠡᠷᠭᠡ ᠬᠦᠴᠦᠨ ᠵᠦᠢᠯ ᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠰᠣᠩᠭᠤᠨ᠎ᠠ᠃ ᠬᠤᠶᠠᠷ ᠲᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠭᠤᠷᠪᠠ ᠳᠤ᠂ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠵᠡᠭᠡᠯᠢ ᠭᠤᠳᠤᠮᠵᠢ᠂ ᠴᠤᠭᠯᠠᠭ᠎ᠠ ᠮᠠᠶᠢᠮᠠᠶ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠲᠠᠯᠠᠪᠤᠷ ᠵᠢᠴᠢ ᠬᠤᠭ ᠨᠣᠪᠰᠢ ᠴᠤᠭᠯᠠᠭᠤᠯᠬᠤ ᠭᠠᠵᠠᠷ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠤᠷᠠᠵᠤ ᠪᠠᠶᠢᠭ᠎ᠠ ᠬᠤᠭ ᠨᠣᠪᠰᠢ ᠶᠢ ᠲᠦᠢᠯᠪᠤᠷᠢᠲᠠᠶ ᠠᠷᠢᠯᠭᠠᠨ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠬᠠᠮᠢᠶ᠎ᠠ ᠪᠥᠬᠦᠶ ᠦᠢᠯᠡ ᠠᠵᠢᠯᠯᠠᠭ᠎ᠠ ᠶᠢ ᠰᠢᠢᠳᠭᠡᠨ ᠲᠣᠷᠭᠠᠵᠤ᠂ ᠵᠠᠰᠠᠬᠤ ᠳᠤ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃ ᠳᠥᠷᠪᠡ ᠳᠤ᠂ ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠶᠢ ᠴᠡᠭᠴᠡᠯᠡᠨ ᠵᠠᠰᠠᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠭ ᠨᠣᠪᠰᠢ ᠣᠪᠣᠭᠠᠯᠠᠬᠤ ᠭᠠᠵᠠᠷ ᠢ ᠴᠡᠭᠴᠡᠯᠡᠨ ᠵᠠᠰᠠᠭᠰᠠᠨ ᠤ ᠳᠠᠷᠠᠭᠠᠬᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠴᠡᠭ ᠢ ᠴᠡᠭᠴᠡᠯᠡᠨ ᠵᠠᠰᠠᠵᠤ ︽ᠡᠷᠬᠢᠨ ᠬᠠᠷᠠᠬᠤ︾ ᠠᠵᠢᠯ ᠢ ᠴᠠᠭ ᠲᠤᠬᠠᠢ ᠲᠤᠨᠢ ᠳᠣᠭᠢᠷᠠᠭᠤᠯᠤᠨ ᠥᠷᠨᠢᠭᠦᠯᠵᠦ᠂ ᠴᠡᠭᠴᠡᠯᠡᠨ ᠵᠠᠰᠠᠭᠰᠠᠨ ᠤ ᠳᠠᠷᠠᠭ᠎ᠠ ᠰᠢᠨ᠎ᠡ ᠪᠠᠷ ᠪᠣᠶ ᠪᠣᠯᠤᠭᠰᠠᠨ ᠪᠣᠬᠢᠷᠲᠤᠯ ᠪᠤᠶᠤ ᠠᠮᠤᠷ ᠲᠦᠪᠰᠢᠨ ᠤ ᠳᠠᠯᠳᠠ ᠬᠡᠮ ᠢ ᠡᠷᠡᠰ ᠴᠡᠭᠴᠡᠯᠡᠨ ᠰᠠᠶᠢᠵᠢᠷᠠᠭᠤᠯᠤᠨ᠎ᠠ᠃ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠷᠤᠮᠵᠢᠯ ᠦᠭᠡᠢ ᠬᠤᠭ ᠨᠣᠪᠰᠢ ᠣᠪᠣᠭᠠᠯᠠᠬᠤ ᠴᠡᠭ ᠢ ᠰᠢᠨ᠎ᠡ ᠪᠠᠷ ᠨᠡᠮᠡᠭᠳᠡᠭᠦᠯᠬᠦ ᠶᠢ ᠰᠡᠷᠭᠡᠶᠢᠯᠡᠨ ᠬᠤᠷᠢᠭᠯᠠᠨ᠎ᠠ᠃ ᠲᠠᠪᠤ ᠳᠤ᠂ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠠᠳᠬᠤᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠳᠥᠭᠦᠮ ᠳᠥᠲᠡ ᠪᠥᠭᠡᠳ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠶᠢ ᠠᠬᠢᠭᠤᠯᠤᠨ᠎ᠠ᠃︵ᠲᠠᠶᠢᠯᠪᠤᠷᠢᠯᠠᠭᠴᠢ᠄ ᠢᠦᠶ ᠸᠧᠨ ᠵᠢᠩ  ᠬᠠᠷᠢᠯᠴᠠᠬᠤ ᠠᠷᠭ᠎ᠠ ᠬᠡᠯᠪᠡᠷᠢ᠄ 0471 — 6945781︶ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1