ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠬᠠᠮᠤᠭ ᠤᠨ ᠭᠤᠶᠣ ᠭᠡᠷ ᠪᠦᠯᠢ ᠳᠤ ᠱᠠᠩᠨᠠᠯ ᠣᠯᠭᠤᠬᠤ ᠶᠣᠰᠣᠯᠠᠯ ᠵᠢᠴᠢ ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ ᠤᠨ ᠥᠯᠢᠭᠡᠷ ᠢ ᠬᠠᠮᠲᠤ ᠪᠠᠷ ᠡᠳ᠋ᠯᠡᠬᠦ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/5/19
      ᠶᠡᠷᠦᠩᠬᠡᠢ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠦᠷᠢᠵᠢᠭᠤᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠡᠷ ᠪᠦᠯᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠤᠯᠠᠮᠵᠢᠯᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠨᠡᠶᠢᠲᠡᠯᠢᠭ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 15 ᠤ ᠡᠳᠦᠷ ᠤᠨ 30 ᠳ᠋ᠤᠭᠠᠷ ᠳᠡᠯᠡᠬᠡᠢ ᠶᠢᠨ ᠭᠡᠷ ᠪᠦᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠮᠤᠭ ᠤᠨ ᠭᠤᠶᠤ ᠭᠡᠷ ᠪᠦᠯᠢ ᠶᠢᠨ ᠱᠠᠩᠨᠠᠯ ᠣᠯᠭᠤᠬᠤ ᠶᠣᠰᠣᠯᠠᠯ ᠵᠢᠴᠢ ᠭᠡᠷ ᠪᠦᠯᠢ ᠶᠢᠨ ᠰᠤᠷᠭᠠᠯ ᠭᠡᠷ ᠤᠨ ᠰᠤᠷᠲᠠᠯ ᠤᠨ ᠦᠯᠢᠭᠡᠷ ᠢ ᠬᠤᠪᠢᠶᠠᠯᠴᠠᠨ ᠡᠳ᠋ᠯᠡᠬᠦ ᠬᠤᠷᠠᠯ ᠢ ᠡᠷᠬᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠢ ᠭᠡᠷ ᠪᠦᠯᠢ︾ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠳ᠋ᠢᠩ ᠬᠠᠢ ᠰᠢᠶᠠ ᠶᠢᠨ ᠭᠡᠷ ᠪᠦᠯᠢ᠂ 2023 ᠣᠨ ᠤ ᠬᠥᠬᠡᠬᠤᠲᠠ ᠶᠢᠨ ︽ᠬᠠᠮᠤᠭ ᠤᠨ ᠭᠤᠶᠣ ᠭᠡᠷ ᠪᠦᠯᠢ︾ ᠶᠢᠨ ᠵᠢᠱᠢᠶᠡᠴᠢ ᠡᠷᠦᠬᠡ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠶᠠᠩ ᠵᠢᠩ ᠤᠨ ᠭᠡᠷ ᠪᠦᠯᠢ ᠪᠠ 2023 ᠣᠨ ᠤ ᠬᠥᠬᠡᠬᠤᠲᠠ ᠶᠢᠨ ︽ᠬᠠᠮᠤᠭ ᠤᠨ ᠭᠤᠶᠣ ᠭᠡᠷ ᠪᠦᠯᠢ︾ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠹᠠᠨ ᠷᠦᠩ ᠤᠨ ᠭᠡᠷ ᠪᠦᠯᠢ᠂ ᠮᠧᠩ ᠵᠢᠶᠧ ᠶᠢᠨ ᠭᠡᠷ ᠪᠦᠯᠢ᠂ ᠵᠣᠣ ᠢᠦᠢ ᠶᠢᠨ ᠭᠡᠷ ᠪᠦᠯᠢ ᠳᠤ ᠦᠨᠡᠮᠯᠡᠯ ᠣᠯᠭᠤᠬᠤ ᠶᠢᠨ ᠬᠠᠮᠲᠤ ᠨᠣᠮ ᠪᠡᠯᠡᠭᠯᠡᠵᠡᠢ᠃      ᠲᠠᠪᠤᠨ ᠰᠠᠶᠢᠨᠲᠠᠢ ᠭᠡᠷ ᠪᠦᠯᠢ᠂ ᠬᠠᠮᠤᠭ ᠤᠨ ᠭᠤᠶᠣ ᠭᠡᠷ ᠪᠦᠯᠢ ᠶᠢᠨ ᠲᠥᠯᠥᠭᠡᠯᠡᠭᠴᠢ ᠶᠠᠷᠢᠶ᠎ᠠ ᠲᠠᠯᠪᠢᠵᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠠᠷᠢᠭᠤᠨ ᠴᠢᠬᠡᠴᠢ ᠭᠡᠷ ᠤᠨ ᠰᠤᠷᠲᠠᠯ᠂ ᠡᠷ᠎ᠡ ᠡᠮ᠎ᠡ ᠬᠤᠶᠠᠭᠤᠯᠠ ᠡᠶ᠎ᠡ ᠨᠠᠶᠢᠷᠲᠠᠢ ᠪᠠᠶᠢᠬᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨᠴᠢ ᠪᠠᠷ ᠦᠷ᠎ᠡ ᠬᠡᠦᠬᠡᠳ ᠢᠶᠠᠨ ᠰᠤᠷᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠣᠰ ᠲᠣᠰ ᠤᠨ ᠠᠳᠠᠯᠢ ᠪᠤᠰᠤ ᠭᠡᠷ ᠪᠦᠯᠢ ᠶᠢᠨ ᠥᠯᠢᠭᠡᠷ ᠢ ᠶᠠᠷᠢᠭᠰᠠᠨ ᠪᠥᠭᠡᠳ ᠣᠯᠠᠨ ᠳᠤ ᠭᠡᠷ ᠪᠦᠯᠢ ᠶᠢᠨ ᠬᠥᠮᠦᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠤᠯᠠᠮᠵᠢᠯᠠᠵᠤ᠂ ᠰᠡᠳᠬᠢᠯ ᠰᠠᠨᠠᠭ᠎ᠠ ᠬᠤᠣᠰᠯᠠᠭᠰᠠᠨ ᠲᠣᠭᠠᠴᠢᠯᠲᠠ ᠨᠢ ᠲᠤᠬᠠᠢ ᠶᠢᠨ ᠲᠠᠯᠠᠪᠤᠷ ᠲᠤ ᠪᠠᠶᠢᠨ ᠪᠠᠶᠢᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ ᠪᠠᠶᠢᠯ᠎ᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠦᠷᠭᠦᠯᠵᠢᠯᠡᠨ ᠪᠣᠯᠪᠠᠰᠤᠨ ᠭᠡᠷ ᠪᠦᠯᠢ ᠶᠢ ᠪᠦᠲᠦᠭᠡᠨ ᠪᠠᠶᠢᠭᠤᠯᠬᠤ᠂ ᠰᠢᠨᠵᠢᠯᠡᠬᠦ ᠤᠬᠠᠭᠠᠨᠲᠠᠨ ᠤ ᠰᠤᠷᠭᠠᠨ ᠬᠥᠮᠦᠵᠢᠯ ᠢ ᠬᠡᠷᠡᠭᠵᠢᠭᠦᠯᠬᠦ᠂ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠬᠤ ᠪᠠᠷ ᠭᠤᠣᠯᠳᠠᠯᠭ᠎ᠠ ᠪᠣᠯᠭᠠᠵᠤ᠂ ︽ᠬᠠᠮᠤᠭ ᠤᠨ ᠭᠤᠶᠤ ᠭᠡᠷ ᠪᠦᠯᠢ︾ ᠶᠢ ᠡᠷᠢᠯᠬᠢᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠮᠡᠭᠲᠡᠶᠢᠴᠦᠳ ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠣᠶᠢᠯᠠᠭᠠᠭᠤᠯᠵᠤ᠂ ᠪᠣᠯᠪᠠᠰᠤᠨ ᠭᠡᠷ ᠤᠨ ᠰᠤᠷᠲᠠᠯ ᠢ ᠤᠯᠠᠮᠵᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠦᠭ ᠲᠦᠮᠡᠨ ᠭᠡᠷ ᠪᠦᠯᠢ ᠶᠢᠨ ᠶᠣᠰᠣ ᠰᠤᠷᠲᠠᠬᠤᠨ ᠢ ᠳᠡᠭᠡᠳᠦᠯᠡᠨ ᠪᠤᠶᠠᠨ ᠦᠢᠯᠡᠳᠬᠦ ᠶᠢ ᠬᠥᠲᠥᠯᠥᠨ ᠳᠠᠭᠠᠭᠤᠯᠵᠤ᠂ ᠡᠭᠡᠯ ᠵᠢᠷ ᠤᠨ ᠠᠮᠢᠳᠤᠷᠠᠯ ᠳᠤᠮᠳᠠ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠰᠠᠶᠢᠨ ᠰᠠᠶᠢᠬᠠᠨ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠠᠭᠠᠭᠤᠯᠤᠭᠴᠢ ᠪᠠ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠤᠨ ᠠᠬᠢᠭᠤᠯᠤᠭᠴᠢ ᠪᠤᠯᠭᠠᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1