ᠲᠣᠭᠲᠠᠬᠤ ᠰᠢᠶᠠᠨ᠄ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/19
      ᠣᠶᠢᠷ᠎ᠠ ᠶᠢᠨ ᠵᠢᠯ ᠠᠴᠠ ᠨᠠᠰᠢ᠂ ᠲᠤᠭᠳᠠᠬᠤ ᠰᠢᠶᠠᠨ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠣᠨᠣᠰᠢᠯᠠᠨ ᠡᠮᠨᠡᠬᠦ ᠮᠡᠷᠭᠡᠵᠢᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠲᠥᠯᠥᠭᠡ᠂ ᠰᠢᠯᠢᠳᠡᠭ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠦᠷᠭᠦᠯᠵᠢᠯᠡᠨ ᠳᠣᠷᠣᠭᠰᠢᠯᠠᠭᠤᠯᠵᠤ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠨᠢᠭᠡ ᠳᠡᠭᠲᠡᠷ ᠲᠤ ᠭᠠᠷᠭᠠᠭᠰᠠᠨ ᠪᠠᠶᠢᠨ᠎ᠠ᠃      ᠣᠶᠢᠷ᠎ᠠ ᠳᠤ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭᠠᠨ ᠤ ᠠᠮᠵᠢᠯᠲᠠᠲᠠᠢ ᠬᠡᠷᠡᠭ ᠤᠨ ᠵᠢᠱᠢᠶ᠎ᠡ ᠶᠢ ᠪᠥᠬᠦ ᠤᠯᠤᠰ ᠤᠨ ᠲᠠᠪᠤᠳᠤᠭᠠᠷ ᠬᠤᠭᠤᠴᠠᠭᠠᠨ ᠤ ᠰᠢᠶᠠᠨ ᠤ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠶᠡᠭᠡ ᠬᠤᠷᠠᠯ ᠳᠡᠭᠡᠷ᠎ᠡ ᠰᠢᠶᠠᠨ ᠤ ᠱᠠᠲᠤᠨ ᠤ ︽ᠥᠯᠢᠭᠡᠷ ᠵᠠᠭᠪᠤᠷ ᠤᠨ ᠥᠷᠥᠭᠡ︾ ᠪᠠᠷ ᠠᠮᠵᠢᠯᠲᠠ ᠲᠠᠢ ᠢᠯᠡᠷᠡᠭᠦᠯᠪᠡ᠃ ᠣᠳᠣᠬᠠᠨ ᠳᠤ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭ᠎ᠠ ᠨᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠠᠯᠠᠨ ᠪᠠᠶᠢᠭᠤᠯᠤᠭᠰᠠᠨ ᠡᠩᠨᠡᠭᠡᠨ ᠤ ᠬᠠᠪᠰᠤᠷᠤᠯᠭ᠎ᠠ ᠪᠠᠷ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠲᠠᠢ ᠠᠯᠤᠰ ᠠᠴᠠ ᠬᠠᠮᠲᠤᠷᠠᠨ ᠣᠨᠣᠰᠢᠯᠠᠬᠤ ᠲᠠᠪᠴᠠᠩ ᠢ ᠪᠠᠶᠢᠭᠤᠯᠤᠭᠰᠠᠨ ᠪᠥᠭᠡᠳ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭᠠᠨ ᠤ ᠳᠦᠷᠢᠮ ᠪᠠ ᠵᠢᠷᠤᠮᠵᠢᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠠᠯᠤᠰ ᠠᠴᠠ ᠡᠵᠡᠮᠳᠡᠨ ᠪᠠᠶᠢᠴᠠᠭᠠᠬᠤ᠂ ᠠᠯᠤᠰ ᠠᠴᠠ ᠬᠠᠮᠲᠤᠷᠠᠨ ᠣᠨᠣᠰᠢᠯᠠᠬᠤ᠂ ᠠᠯᠤᠰ ᠠᠴᠠ ᠬᠠᠮᠵᠢᠯᠴᠠᠬᠤ ᠵᠡᠷᠭᠡ ᠣᠯᠠᠨ ᠵᠦᠢᠯ ᠤᠨ ᠠᠵᠢᠯ ᠢ ᠪᠡᠶᠡᠯᠡᠭᠦᠯᠦᠭᠰᠡᠨ ᠪᠠᠶᠢᠨ᠎ᠠ᠃      ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭ᠎ᠠ ᠳᠤ ᠣᠳᠣᠬᠠᠨ ᠳᠤ ᠣᠯᠠᠨ ᠲᠤᠰᠬᠠᠢ ᠮᠡᠷᠭᠡᠵᠢᠯ ᠤᠨ ᠡᠮᠴᠢ ᠰᠤᠪᠢᠯᠠᠭᠴᠢ ᠪᠠᠷ ᠪᠦᠷᠢᠯᠳᠦᠭᠰᠡᠨ ᠡᠮᠴᠢᠯᠡᠭᠡᠨ ᠤ ᠪᠦᠯᠬᠦᠮ ᠲᠠᠢ ᠪᠠᠶᠢᠵᠤ᠂ ᠬᠡᠰᠡᠭ ᠬᠠᠪᠤᠳᠠᠷ ᠢ ᠪᠠᠭᠲᠠᠭᠠᠭᠰᠠᠨ ᠳᠠᠩ ᠴᠤᠯᠭᠤᠢ ᠰᠠᠴᠤᠷᠠᠭ ᠵᠠᠰᠠᠯ᠂ ᠵᠡᠷᠭᠡᠴᠡᠭᠡ ᠰᠠᠴᠤᠷᠠᠭ ᠵᠠᠰᠠᠯ᠂ ᠰᠠᠴᠤᠷᠠᠭ ᠵᠠᠰᠠᠯ ᠪᠠ ᠮᠡᠰᠡ ᠵᠠᠰᠠᠯ ᠢ ᠶᠡᠷᠦᠩᠬᠡᠶᠢᠯᠡᠨ ᠬᠡᠷᠡᠭᠯᠡᠬᠦ᠂ ᠠᠷᠭᠠᠴᠠᠬᠤ ᠴᠢᠨᠠᠷᠲᠠᠢ ᠰᠠᠴᠤᠷᠠᠭ ᠵᠠᠰᠠᠯ᠂ ᠬᠤᠣᠷ ᠦᠭᠡᠢ ᠡᠪᠡᠳᠴᠢᠨ ᠤ ᠰᠠᠴᠤᠷᠠᠭ ᠵᠠᠰᠠᠯ ᠵᠡᠷᠭᠡ ᠡᠯ᠎ᠡ ᠵᠦᠢᠯ ᠤᠨ ᠬᠠᠪᠤᠳᠠᠷ ᠤᠨ ᠰᠠᠴᠤᠷᠠᠭ ᠵᠠᠰᠠᠯ ᠤᠨ ᠠᠵᠢᠯ ᠢ ᠪᠣᠯᠪᠠᠰᠤᠷᠠᠩᠭᠤᠢ ᠪᠠᠷ ᠬᠢᠵᠦ ᠪᠣᠯᠣᠨ᠎ᠠ᠃ ᠲᠤᠭᠳᠠᠬᠤ ᠰᠢᠶᠠᠨ ᠤ ᠬᠠᠶᠢᠯᠠᠰᠤᠨ ᠪᠤᠯᠠᠭ ᠲᠣᠰᠬᠤᠨ ᠳᠤ ᠰᠠᠭᠤᠵᠤ ᠪᠠᠶᠢᠭ᠎ᠠ ᠨᠢᠭᠡᠨ ᠲᠣᠰᠬᠤᠨ ᠤ ᠠᠷᠠᠳ᠂ ᠰᠠᠪᠠ ᠶᠢᠨ ᠬᠦᠵᠦᠭᠦᠨ ᠤ ᠥᠮᠡᠨ ᠳᠤ ᠨᠡᠷᠪᠡᠭᠳᠡᠵᠦ ᠥᠩᠭᠡᠷᠡᠵᠡᠢ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠨᠠᠷᠢᠨ ᠨᠢᠮᠪᠠᠢ ᠡᠮᠴᠢᠯᠡᠭᠡ ᠪᠠᠷ ᠳᠡᠮᠵᠢᠨ ᠡᠷᠡᠭᠦᠯᠵᠢᠵᠡᠢ᠂ ᠲᠡᠷᠡ ᠲᠤᠰᠠᠯᠠᠨ ᠪᠠᠶᠢᠭᠤᠯᠬᠤ ᠲᠤᠰᠬᠠᠢ ᠮᠡᠷᠭᠡᠵᠢᠯᠲᠡᠨ ᠤ ᠪᠦᠯᠬᠦᠮ ᠲᠤᠭᠳᠠᠬᠤ ᠰᠢᠶᠠᠨ ᠳᠤ ᠬᠦᠷᠴᠦ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠤ ᠳᠠᠷᠠᠭ᠎ᠠ ᠲᠤᠰᠬᠠᠶᠢᠯᠠᠨ ᠬᠡᠮᠡᠷᠯᠢᠭ ᠲᠤᠭ ᠠᠪᠴᠢᠷᠠᠨ ᠪᠦᠯᠬᠦᠮ ᠳᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠡᠢ᠃      2010 ᠣᠨ ᠠᠴᠠ ᠡᠬᠢᠯᠡᠨ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠲᠠᠢ ᠨᠢᠭᠲᠠ ᠬᠠᠷᠢᠯᠴᠠᠵᠤ᠂ ᠲᠤᠰᠠᠯᠠᠨ ᠪᠠᠶᠢᠭᠤᠯᠬᠤ ᠲᠤᠰᠬᠠᠢ ᠮᠡᠷᠭᠡᠵᠢᠯᠲᠡᠨ ᠤ ᠠᠩᠭᠢ ᠶᠢᠨ 15 ᠪᠦᠯᠦᠭ ᠤᠳᠠᠭ᠎ᠠ ᠶᠢᠨ 38 ᠲᠤᠰᠬᠠᠢ ᠮᠡᠷᠭᠡᠵᠢᠯᠲᠡᠨ ᠤ ᠬᠦᠴᠦᠲᠡᠢ ᠳᠡᠮᠵᠢᠯᠭᠡ ᠳᠣᠣᠷ᠎ᠠ᠂ ᠬᠠᠪᠤᠳᠠᠷ ᠤᠨ ᠳᠣᠲᠣᠷ ᠡᠮᠨᠡᠯᠭᠡ᠂ ᠰᠠᠴᠤᠷᠠᠭ ᠵᠠᠰᠠᠯ ᠤᠨ ᠰᠠᠯᠠᠭ᠎ᠠ᠂ ᠴᠥᠮ᠎ᠡ ᠶᠢᠨ ᠡᠮᠨᠡᠯᠭᠡ ᠶᠢᠨ ᠰᠠᠯᠠᠭ᠎ᠠ᠂ ᠭᠠᠳᠠᠷ ᠡᠮᠨᠡᠯᠭᠡ᠂ ᠡᠮᠡᠭᠲᠡᠢ ᠶᠢᠨ ᠬᠥᠩᠭᠡᠵᠢᠯᠲᠡ ᠶᠢᠨ ᠰᠠᠯᠠᠭ᠎ᠠ ᠶᠢᠨ ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠵᠤ ᠥᠭᠴᠡᠢ ᠃ ᠪᠦᠷᠢᠳᠬᠡᠯ ᠢ ᠦᠨᠳᠦᠰᠦᠯᠡᠪᠡᠯ᠂ ᠲᠤᠰᠠᠯᠠᠬᠤ ᠬᠤᠭᠤᠴᠠᠭᠠᠨ ᠳᠤ᠂ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠥᠮᠥᠨ ᠤ ᠲᠤᠭ᠎ᠠ 7675 ᠬᠥᠮᠥᠨ ᠤᠳᠠᠭ᠎ᠠ ᠳᠤ ᠬᠦᠷᠴᠦ᠂ ᠰᠢᠨ᠎ᠡ ᠮᠡᠷᠭᠡᠵᠢᠯ᠂ ᠰᠢᠨ᠎ᠡ ᠲᠤᠬᠠᠶᠢᠯᠠᠭᠰᠠᠨ ᠠᠵᠢᠯ 76 ᠵᠦᠢᠯ ᠨᠡᠭᠡᠭᠡᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ 419 ᠤᠳᠠᠭ᠎ᠠ ᠵᠣᠬᠢᠶᠠᠨ ᠪᠠᠶᠢᠭᠤᠯᠵᠤ᠂ ᠮᠡᠰᠡ ᠵᠠᠰᠠᠯ ᠢᠶᠠᠷ 1424 ᠵᠢᠱᠢᠶ᠎ᠡ ᠦᠵᠡᠭᠦᠯᠦᠨ ᠵᠢᠭᠠᠨ ᠰᠤᠷᠭᠠᠵᠤ᠂ 2307 ᠤᠳᠠᠭ᠎ᠠ ᠵᠢᠭᠠᠨ ᠰᠤᠷᠭᠠᠯᠲᠠ ᠶᠢᠨ ᠥᠷᠥᠭᠡ ᠪᠠᠶᠢᠴᠠᠭᠠᠵᠤ᠂ ᠬᠠᠮᠲᠤᠷᠠᠨ ᠣᠨᠣᠰᠢᠯᠠᠭᠰᠠᠨ ᠪᠠ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ 288 ᠤᠳᠠᠭ᠎ᠠ ᠶᠠᠷᠢᠯᠴᠠᠵᠤ᠂ 2059 ᠵᠢᠱᠢᠶ᠎ᠡ ᠮᠡᠰᠡ ᠵᠠᠰᠠᠯ ᠬᠢᠵᠦ᠂ ᠬᠦᠨᠳᠦ ᠲᠦᠭᠰᠢᠭᠦᠷᠢᠲᠡᠢ 110 ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠵᠠᠢ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1