2023 ᠣᠨ ᠳᠤ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠨ ᠵᠢᠴᠢ ᠨᠠᠮ ᠤᠨ ᠭᠡᠰᠢᠭᠦᠨ ᠡᠯᠰᠡᠬᠦ ᠡᠲᠡᠭᠡᠳ᠂ ᠨᠠᠮ ᠳᠤ ᠣᠷᠣᠬᠤ ᠢᠳᠡᠪᠬᠢᠲᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/5/19
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠣᠨ ᠨᠠᠮ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠭᠡᠰᠢᠭᠦᠨ ᠡᠯᠰᠡᠬᠦ ᠪᠣᠭᠤᠮᠲᠠ ᠪᠣᠯᠣᠨ ᠶᠠᠰᠤ ᠴᠢᠨᠠᠷ ᠤᠨ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠡᠩᠨᠡᠭᠡ ᠶᠢᠨ ᠲᠡᠷᠢᠭᠦᠨ ᠤ ᠴᠢᠨᠠᠷ ᠪᠣᠯᠣᠨ ᠴᠡᠪᠡᠷ ᠴᠢᠨᠠᠷ ᠢ ᠡᠬᠢ ᠡᠭᠦᠰᠦᠯ ᠠᠴᠠ ᠨᠢ ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠠᠮᠲᠤᠷᠠᠨ 2023 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠨ ᠵᠢᠴᠢ ᠡᠯᠰᠡᠬᠦ ᠡᠲᠡᠭᠡᠳ᠂ ᠨᠠᠮ ᠳᠤ ᠣᠷᠣᠬᠤ ᠢᠳᠡᠪᠬᠢᠲᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠪᠡ      ᠲᠣᠰ ᠤᠳᠠᠭᠠᠨ ᠤ ᠪᠣᠯᠪᠠᠰᠤᠷᠠᠯ ᠤᠨ ᠠᠩᠭᠢ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠦ᠋ ᠬᠠᠩ ᠫᠷᠣᠹᠧᠰᠰᠣᠷ ᠢ ᠤᠷᠢᠵᠤ ︽ᠨᠠᠮ ᠤᠨ ᠳᠦᠷᠢᠮ ᠢ ᠴᠢᠩᠭ᠎ᠠ ᠵᠢᠷᠤᠮᠯᠠᠬᠤ︾ ᠰᠡᠳᠦᠪ ᠢᠶᠠᠷ ᠠᠩᠭᠢ ᠡᠬᠢᠯᠡᠬᠦ ︽ᠠᠩᠬᠠᠨ ᠤ ᠬᠢᠴᠢᠶᠡᠯ︾ ᠬᠢᠯᠭᠡᠵᠡᠢ᠂ ᠪᠣᠯᠪᠠᠰᠤᠷᠠᠭᠤᠯᠤᠯ ᠢ ᠲᠥᠪᠯᠡᠷᠡᠭᠦᠯᠦᠨ ᠬᠢᠴᠢᠶᠡᠯᠯᠡᠬᠦ᠂ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠬᠦ ᠪᠣᠯᠣᠨ᠎ᠠ᠃      ᠪᠣᠯᠪᠠᠰᠤᠷᠠᠯ ᠤᠨ ᠠᠩᠭᠢ ᠱᠠᠭᠠᠷᠳᠠᠭᠰᠠᠨ ᠨᠢ᠂ ᠪᠣᠯᠪᠠᠰᠤᠷᠠᠯ ᠳᠤ ᠣᠷᠣᠯᠴᠠᠬᠤ ᠰᠤᠷᠤᠭᠴᠢᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠨᠡ ᠤᠳᠠᠭ᠎ᠠ ᠶᠢᠨ ︽ᠲᠣᠰᠣ ᠨᠡᠮᠡᠬᠦ︾ ᠪᠠ ︽ᠴᠠᠬᠢᠯᠭᠠᠨ ᠴᠡᠨᠡᠭᠯᠡᠬᠦ︾ ᠲᠣᠬᠢᠶᠠᠯ ᠢ ᠰᠠᠶᠢᠲᠤᠷ ᠡᠵᠡᠮᠳᠡᠵᠦ᠂ ᠤᠬᠠᠮᠰᠠᠷ ᠠᠴᠠ ᠪᠠᠨ ᠡᠪ ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠪᠠᠲᠤ ᠴᠡᠭᠡᠵᠢᠯᠡᠵᠦ᠂ ᠲᠤᠰ ᠪᠡᠶ᠎ᠡ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠭᠦᠷᠭᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠦᠨᠡᠨ ᠬᠦ ᠴᠢᠩᠭᠠᠳᠬᠠᠵᠤ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠠᠰᠠᠭᠤᠳᠠᠯ ᠢ ᠪᠣᠳᠣᠯᠬᠢᠯᠠᠬᠤ᠂ ᠠᠰᠠᠭᠤᠳᠠᠯ ᠢ ᠵᠠᠳᠠᠯᠬᠤ ᠪᠠ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠤᠢ ᠪᠣᠯᠭᠠᠵᠤ᠂ ᠲᠤᠰ ᠪᠡᠶ᠎ᠡ ᠶᠢᠨ ᠤᠨᠤᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠭᠡᠪᠡ᠃      ᠲᠤᠰ ᠤᠳᠠᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠰᠢᠰᠲ᠋ᠧᠮ ᠪᠠ ᠬᠡᠰᠡᠭ ᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠬᠡᠯᠪᠡᠷᠢ ᠪᠠᠷ ᠪᠣᠯᠪᠠᠰᠤᠷᠠᠯ ᠤᠨ ᠠᠭᠤᠯᠭ᠎ᠠ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠳᠦᠷᠢᠮ᠂ ᠨᠠᠮ ᠤᠨ ᠦᠨᠳᠦᠰᠦᠨ ᠤᠨᠤᠯ ᠤᠨ ᠮᠡᠳᠡᠯᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠵᠡᠷᠭᠡ ᠶᠢᠨ ᠲᠣᠭᠤᠷᠢᠨ ᠳᠤ ᠥᠷᠨᠢᠭᠦᠯᠪᠡ᠂ ᠡᠭᠦᠨ ᠤ ᠵᠣᠷᠢᠯᠭ᠎ᠠ ᠨᠢ ᠤᠯᠠᠨ ᠤ ᠲᠦᠷᠦ ᠶᠢᠨ ᠪᠣᠳᠣᠯᠭ᠎ᠠ ᠤᠨᠤᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠢ ᠵᠣᠷᠢᠭᠵᠢᠭᠤᠯᠤᠨ ᠰᠢᠨ᠎ᠡ ᠠᠶᠠᠨ ᠳᠤ ᠮᠣᠷᠳᠠᠭᠤᠯᠵᠤ᠂ ᠰᠢᠨ᠎ᠡ ᠰᠡᠳᠬᠢᠴᠡ ᠶᠢ ᠲᠥᠯᠥᠪᠵᠢᠭᠦᠯᠵᠦ᠂ ᠰᠢᠨ᠎ᠡ ᠠᠮᠵᠢᠯᠲᠠ ᠪᠦᠲᠦᠮᠵᠢ ᠡᠭᠦᠳᠬᠦ ᠶᠢᠨ ᠲᠥᠯᠥᠭᠡ ᠶᠤᠮ᠃      ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠤᠨ ᠬᠡᠯᠪᠡᠷᠢ ᠤᠯᠠᠨ ᠶᠠᠩᠵᠤ ᠶᠢᠨ᠂ ᠠᠭᠤᠯᠭ᠎ᠠ ᠪᠠᠶᠠᠯᠢᠭ ᠪᠠᠶᠢᠵᠤ᠂  ᠰᠢᠰᠲ᠋ᠧᠮᠳᠦ ᠰᠤᠷᠤᠯᠴᠠᠯᠭ᠎ᠠ ᠪᠠᠷ ᠳᠠᠮᠵᠢᠨ ᠨᠠᠮ ᠤᠨ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠤᠶᠢᠰᠢᠳᠠ ᠶᠢᠨ ᠠᠵᠢᠯ ᠰᠤᠷᠤᠯᠴᠠᠯᠭ᠎ᠠ ᠶᠢᠨ ᠳᠤᠮᠳᠠ ᠪᠠᠨ ᠤᠬᠠᠮᠰᠠᠷ ᠠᠴᠠ ᠪᠠᠨ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠥᠷᠯᠥᠭᠡ ᠦᠳᠡᠰᠢ ᠶᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ ᠢᠶᠠᠷ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠨ᠎ᠡ ᠭᠡᠵᠦ ᠢᠯᠡᠳᠬᠡᠵᠡᠭᠡᠪᠡ᠃ ᠰᠢᠶᠠᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ 146 ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ 125 ᠨᠠᠮ ᠤᠨ ᠠᠵᠢᠯ ᠤᠨ ᠠᠵᠢᠯᠲᠠᠨ᠂ 154 ᠡᠯᠰᠡᠬᠦ ᠡᠲᠡᠭᠡᠳ ᠪᠠ 118 ᠨᠠᠮ ᠳᠤ  ᠡᠯᠰᠡᠭᠳᠡᠬᠦ ᠢᠳᠡᠪᠬᠢᠲᠡᠨ ᠪᠣᠯᠪᠠᠰᠤᠷᠠᠯ ᠳᠤ ᠣᠷᠣᠯᠴᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1