ᠵᠢᠩᠬᠢᠨᠢ ᠪᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2023/5/19
      5 ᠳ᠋ᠤᠭᠠᠷ ᠰᠠᠷ᠎ᠠ ᠶᠢᠨ 18 ᠤ ᠡᠳᠦᠷ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠨ ᠰᠡᠭᠦᠳᠡᠷᠯᠡᠪᠡ      ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 5 ᠳ᠋ᠤᠭᠠᠷ ᠰᠠᠷ᠎ᠠ ᠶᠢᠨ 18 ᠤ ᠡᠳᠦᠷ ᠵᠢᠩᠬᠢᠨᠢ ᠪᠠᠷ ᠫᠠᠶᠢᠰᠠ ᠡᠯᠭᠦᠵᠦ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠴᠢᠬᠤᠯᠠ ᠨᠢᠭᠡ ᠠᠯᠬᠤᠮ ᠢ ᠪᠡᠶᠡᠯᠡᠭᠦᠯᠵᠡᠢ᠃      ᠡᠨᠡ ᠵᠢᠯ ᠤᠨ 3 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠡᠭᠦᠨ ᠳᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠬᠤᠯᠪᠣᠭᠳᠠᠭᠰᠠᠨ ᠤᠯᠠᠨ ᠵᠦᠢᠯ ᠪᠤᠢ᠄ ᠲᠥᠪ ᠤᠨ ᠮᠥᠩᠭᠦᠨ ᠭᠦᠢᠯᠭᠡᠭᠡᠨ ᠤ ᠵᠥᠪᠯᠡᠯ ᠢ ᠪᠠᠶᠢᠭᠤᠯᠬᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠵᠥᠪᠯᠡᠯ ᠢ ᠪᠠᠶᠢᠭᠤᠯᠬᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ ᠪᠠᠶᠢᠭᠤᠯᠬᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠣᠬᠢᠷᠠᠭᠤᠯᠬᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠦᠨᠳᠦᠰᠦᠯᠡᠪᠡᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠠᠭᠤᠷᠢᠨ ᠳᠡᠭᠡᠷ᠎ᠡ ᠪᠠᠶᠢᠭᠤᠯᠵᠤ᠂ ᠦᠨᠡᠲᠦ ᠲᠡᠮᠳᠡᠭᠲᠦ ᠶᠢᠨ ᠦᠢᠯᠡᠰ ᠠᠴᠠ ᠭᠠᠳᠠᠨᠠᠬᠢ ᠮᠥᠩᠭᠦᠨ ᠭᠦᠢᠯᠭᠡᠭᠡᠨ ᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠨ᠎ᠠ᠃ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠢ ᠬᠠᠰᠤᠨ᠎ᠠ᠃      2018 ᠣᠨ ᠤ 4 ᠳ᠋ᠤᠭᠡᠷ ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠢᠩᠬᠢᠨᠢ ᠪᠠᠷ ᠫᠠᠶᠢᠰᠠ ᠡᠯᠭᠦᠨ ᠠᠵᠢᠯᠯᠠᠵᠤ᠂ ᠣᠲᠣ ᠪᠣᠯᠲᠠᠯ᠎ᠠ ᠨᠢᠭᠡᠨᠲᠡ 5 ᠵᠢᠯ ᠭᠠᠷᠤᠢ ᠪᠣᠯᠤᠭᠰᠠᠨ ᠪᠠᠶᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1