ᠡᠭᠦᠳᠡᠨ ᠡᠮᠨᠡᠯᠭᠡ ᠳᠤ ᠡᠮᠨᠡᠬᠦᠯᠦᠭᠰᠡᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠲᠣᠭᠠᠴᠠᠭ᠎ᠠ ᠬᠢᠵᠣ ᠪᠣᠯᠬᠤ  ᠪᠤᠯᠭᠠᠪᠠ
ᠨᠡᠶᠢᠲᠡᠯᠡᠭᠰᠡᠨ ᠴᠠᠭ᠄
2023/5/19
      ᠤᠳᠤᠬᠠᠨ ᠪᠣᠯᠲᠠᠯ᠎ᠠ᠂ ᠡᠩ ᠤᠨ ᠡᠭᠦᠳᠡᠨ ᠡᠮᠨᠡᠯᠭᠡ ᠳᠤ ᠡᠮᠨᠡᠬᠦᠯᠦᠭᠰᠡᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠢ ᠨᠢᠭᠡᠳᠦᠯᠲᠡᠢ ᠲᠦᠯᠦᠪᠯᠡᠭᠰᠡᠨ ᠭᠠᠵᠠᠷ ᠣᠷᠣᠨ ᠢ ᠨᠡᠶᠢᠳᠡᠮ ᠬᠠᠮᠤᠷᠤᠭᠰᠠᠨ ᠤ ᠰᠠᠭᠤᠷᠢᠨ ᠳᠡᠭᠡᠷ᠎ᠡ᠂  ᠪᠣᠶ ᠪᠦᠬᠦᠢ ᠨᠢᠭᠡᠳᠦᠯᠲᠡᠢ ᠲᠦᠯᠦᠪᠯᠡᠭᠰᠡᠨ ᠭᠠᠵᠠᠷ ᠣᠷᠣᠨ ᠴᠥᠮ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠣᠷᠲᠤ ᠬᠠᠪᠤᠳᠠᠷ ᠢ ᠡᠮᠨᠡᠬᠦ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠣᠷᠳᠠᠯᠭ᠎ᠠ ᠶᠢᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ ᠵᠡᠷᠭᠡ 5 ᠵᠦᠢᠯ ᠤᠨ ᠤᠳᠠᠭᠠᠨ ᠴᠢᠨᠠᠷᠲᠠᠢ ᠡᠪᠡᠳᠴᠢᠨ ᠢ ᠡᠮᠨᠡᠬᠦᠯᠦᠭᠰᠡᠨ ᠡᠭᠦᠳᠡᠨ ᠡᠮᠨᠡᠯᠭᠡ ᠶᠢᠨ ᠬᠤᠯᠪᠣᠭᠳᠠᠯ ᠪᠦᠬᠦᠢ ᠡᠮᠴᠢᠯᠡᠭᠡᠨ ᠤ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠪᠤᠯᠭᠠᠬᠰᠠᠨ ᠪᠠᠶᠢᠨ᠎ᠠ᠃              ᠣᠨᠳᠣᠣ ᠭᠠᠵᠠᠷ ᠲᠤ ᠡᠪᠡᠳᠴᠢᠨ ᠦᠵᠡᠬᠦᠯᠪᠡᠯ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠬᠦᠷᠳᠡᠭᠰᠡᠨ ᠡᠰᠡᠬᠦ ᠶᠢ ᠶᠠᠭᠠᠬᠢᠵᠦ ᠤᠯᠵᠤ ᠮᠡᠳᠡᠬᠦ ᠤᠤ︖ ᠶᠠᠮᠠᠷ ᠶᠠᠮᠠᠷ ᠪᠠᠶᠢᠭᠤᠯᠤᠮᠵᠢ ᠰᠢᠭᠤᠳ ᠲᠠᠰᠤᠯᠤᠨ ᠪᠤᠳᠤᠵᠤ ᠦᠭᠴᠦ ᠪᠣᠯᠬᠤ ᠪᠤᠢ︖ ᠶᠠᠭᠠᠬᠢᠪᠠᠯ ᠰᠠᠶ᠋ᠢ ᠡᠮᠨᠡᠯᠭᠡ ᠶᠢᠨ ᠬᠤᠷᠢᠶᠠᠨ ᠳᠤ ᠰᠢᠭᠤᠳ  ᠲᠡᠰᠦᠯᠦᠨ  ᠪᠤᠳᠤᠵᠤ ᠴᠢᠳᠠᠬᠤ ᠪᠣᠶ ᠁ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ  ᠶᠢᠨ ᠲᠣᠪᠴᠢᠶ᠎ᠠ ᠶᠢᠨ ᠬᠢᠨ ᠡᠭᠦᠳᠡᠨ ᠡᠮᠨᠡᠯᠭᠡ ᠳᠤ ᠡᠮᠨᠡᠬᠦᠯᠦᠭᠰᠡᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠲᠠᠢ ᠬᠤᠯᠪᠣᠭᠳᠠᠬᠤ ᠬᠠᠯᠠᠮᠰᠢᠯ ᠠᠰᠠᠭᠤᠳᠠᠯ ᠤᠨ ᠲᠤᠬᠠᠢ ᠣᠯᠠᠨ ᠨᠡᠶᠢᠲᠡ ᠳᠤ ᠬᠠᠷᠢᠭᠤ ᠦᠭᠪᠡ᠃ ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1