5 ᠰᠠᠷ᠎ᠠ ᠶᠢᠨ 16 ᠤ ᠡᠳᠦᠷ᠂ ᠨᠠᠨᠵᠢᠩ ᠤᠨ ᠴᠠᠭᠳᠠᠭᠠᠨ ᠤ ᠲᠠᠯ᠎ᠠ ᠶᠢᠨ ᠬᠢᠨ ᠪᠠᠴᠢᠮ ᠰᠡᠷᠡᠮᠵᠢᠯᠡᠭᠦᠯᠦᠯ | ᠨᠡᠶᠢᠲᠡᠯᠡᠵᠦ ᠬᠡᠯᠡᠬᠦ ᠳᠡᠭᠡᠨ᠄ ᠬᠡᠦᠬᠡᠳ ᠤᠨ ᠴᠢᠨᠢ ᠬᠡᠷᠡᠭᠯᠡᠵᠦ ᠪᠠᠶᠢᠭ᠎ᠠ ᠲᠥᠬᠦᠭᠡᠷᠦᠮᠵᠢ ᠳᠤ ᠡᠯ᠎ᠡ ᠵᠦᠢᠯ ᠤᠨ | ᠨᠢᠭᠤᠴᠠ ᠪᠠᠷ ᠶᠠᠷᠢᠯᠴᠠᠬᠤ ᠵᠥᠭᠡᠯᠡᠨ ᠲᠣᠨᠤᠭ ᠤᠭᠰᠠᠷᠠᠭᠰᠠᠨ ᠡᠰᠡᠬᠦ ᠶᠢ ᠭᠡᠷ ᠤᠨ ᠠᠬᠠᠮᠠᠳ ᠨᠠᠷ ᠲᠦᠷᠭᠡᠨ | ᠪᠠᠶᠢᠴᠠᠭᠠᠵᠦ ᠦᠵᠡ ᠬᠡᠪᠡ᠃ | ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠨᠢ ᠨᠢᠭᠤᠴᠠᠯᠠᠭᠰᠠᠨ ᠮᠡᠳᠡᠭᠡ ᠬᠤᠯᠪᠣᠭᠠᠨ ᠤ ᠨᠢᠭᠤᠴᠠᠯᠠᠬᠤ | ᠴᠢᠨᠠᠷ ᠨᠢ ᠴᠢᠩᠭ᠎ᠠ ᠪᠠᠶᠢᠳᠠᠭ ᠪᠦᠭᠡᠳ ᠢᠯᠠᠩᠭᠤᠶ᠎ᠠ ︽ᠤᠩᠰᠢᠭᠰᠠᠨ ᠤ ᠲᠠᠷᠠᠭ᠎ᠠ ᠰᠢᠲᠠᠭᠠᠬᠤ︾ ᠴᠢᠳᠠᠮᠵᠢ ᠨᠢ | ᠶᠠᠯᠠᠲᠤ ᠡᠲᠡᠭᠡᠳ ᠤᠨ ᠶᠠᠯ᠎ᠠ ᠬᠢᠭᠰᠡᠨ ᠭᠡᠷᠡᠴᠢ ᠪᠠᠷᠢᠮᠲᠠ ᠶᠢ ᠤᠰᠠᠳᠬᠠᠬᠤ ᠳᠤ ᠲᠦᠬᠦᠮ ᠦᠵᠡᠭᠦᠯᠵᠦ᠂ | ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠢ ︽ᠪᠤᠳᠤᠩᠭᠤᠢ ᠣᠷᠣᠨ ᠪᠦᠰᠡ︾ ᠪᠣᠯᠭᠠᠭᠰᠠᠨ ᠪᠠᠶᠢᠨ᠎ᠠ᠃ | | ᠣᠳᠣᠬᠠᠨ ᠳᠤ᠂ ᠶᠠᠯᠠᠲᠤ ᠡᠲᠡᠭᠡᠳ ᠦᠢᠯᠡᠴᠢᠯᠡᠭᠦᠷ ᠢᠶᠠᠨ ᠬᠢᠯᠢ ᠶᠢᠨ ᠳᠣᠲᠣᠷ᠎ᠠ ᠠᠴᠠ ᠬᠢᠯᠢ ᠶᠢᠨ | ᠭᠠᠳᠠᠨ᠎ᠠ ᠰᠢᠯᠵᠢᠭᠦᠯᠵᠦ᠂ ᠮᠡᠳᠡᠭᠡ ᠬᠤᠯᠪᠣᠭᠠᠨ ᠤ ᠪᠠᠭᠠᠵᠢ ᠶᠢ ᠤᠯᠠᠨ ᠨᠡᠶᠢᠲᠡ ᠶᠢᠨ ᠵᠥᠭᠡᠯᠡᠨ ᠲᠤᠨᠤᠭ | ᠪᠠᠶᠢᠬᠰᠠᠨ ᠠᠴᠠ ᠨᠢ ᠬᠢᠯᠢ ᠶᠢᠨ ᠭᠠᠳᠠᠨᠠᠬᠢ ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠪᠤᠶᠤ ᠬᠢᠯᠢ ᠶᠢᠨ | ᠳᠣᠲᠣᠷᠠᠬᠢ ᠤᠯᠠᠨ ᠨᠡᠶᠢᠲᠡ ᠶᠢᠨ ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠪᠣᠯᠭᠠᠨ ᠥᠭᠡᠷᠡᠴᠢᠯᠡᠵᠦ᠂ | ᠬᠡᠷᠡᠭ ᠦᠢᠯᠡᠳᠬᠦ ᠲᠤᠨᠤᠭ ᠲᠥᠬᠦᠭᠡᠷᠦᠮᠵᠢ ᠶᠢ ᠤᠯᠠᠮᠵᠢᠯᠠᠯᠲᠤ ︽ᠬᠠᠭᠤᠷᠮᠠᠭ ᠰᠠᠭᠤᠷᠢ ᠦᠷᠳᠡᠭᠡ︾ | ᠪᠠᠶᠢᠬᠰᠠᠨ ᠠᠴᠠ ᠨᠢ ︽ᠮᠤᠤ ᡂᠢ︾ ︵Modem pool︶᠂ GOIP᠂ ᠳ᠋ᠤᠺᠠᠪᠤᠤ᠂ VoIP | ᠪᠣᠯᠭᠠᠨ ᠥᠭᠡᠷᠡᠴᠢᠯᠡᠪᠡ᠂ ᠡᠶᠢᠮᠦᠷᠬᠦ ᠰᠢᠨ᠎ᠡ ᠣᠷᠣᠨ ᠵᠠᠢ᠂ ᠰᠢᠨ᠎ᠡ ᠲᠤᠨᠤᠭ ᠲᠥᠬᠦᠭᠡᠷᠦᠮᠵᠢ ᠶᠢ ᠠᠰᠢᠭᠯᠠᠨ ᠬᠢᠭᠰᠡᠨ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠮᠡᠷᠭᠡᠵᠢᠯ ᠤᠨ ᠴᠢᠨᠠᠷ ᠨᠢ ᠲᠦᠢᠯ ᠤᠨ | ᠴᠢᠩᠭ᠎ᠠ ᠪᠦᠭᠡᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃ | ᠨᠠᠰᠤᠨ ᠳᠤ ᠥᠯᠥ ᠭᠦᠷᠦᠭᠰᠡᠳ ᠨᠡᠶᠢᠭᠡᠮ ᠤᠨ ᠣᠷᠣᠯᠴᠠᠭ᠎ᠠ ᠬᠦᠶᠦᠭᠡᠨ ᠶᠠᠮᠠᠷ ᠴᠤ ᠲᠤᠷᠰᠢᠯᠭ᠎ᠠ ᠦᠭᠡᠢ | ᠪᠤᠯᠬᠤᠷ ᠬᠠᠤᠯᠢ ᠪᠤᠰᠤ ᠡᠲᠡᠭᠡᠳ ᠨᠢᠭᠤᠴᠠ ᠪᠠᠷ ᠶᠠᠷᠢᠯᠴᠠᠬᠤ ᠵᠥᠭᠡᠯᠡᠨ ᠲᠣᠨᠤᠭ ᠳᠡᠭᠡᠷ᠎ᠡ ᠤᠷᠠᠨ ᠰᠠᠶᠢᠬᠠᠨ ᠦᠭᠡ | ᠪᠠᠷ ᠢᠶᠠᠨ ᠨᠠᠰᠤᠨ ᠳᠤ ᠥᠯᠥ ᠭᠦᠷᠦᠭᠰᠡᠳ ᠢ ᠮᠡᠬᠡᠯᠡᠨ ᠬᠤᠪᠢ ᠬᠥᠮᠦᠨ ᠤ ᠮᠡᠳᠡᠭᠡ ᠵᠠᠩᠭᠢ ᠬᠠᠩᠭᠠᠯᠭᠠᠬᠤ ᠵᠡᠷᠭᠡ | ᠠᠭᠤᠯᠭ᠎ᠠ ᠪᠠᠷ ᠲᠡᠭᠦᠨ ᠢ ᠬᠠᠤᠯᠢ ᠶᠢ ᠵᠥᠷᠢᠴᠡᠬᠦ ᠶᠠᠯᠠᠲᠤ ᠠᠵᠢᠯᠯᠠᠭ᠎ᠠ ᠶᠢᠨ ︽ᠬᠠᠮᠰᠠᠭᠠᠲᠠᠨ︾ ᠪᠣᠯᠭᠠᠵᠤ ᠪᠠᠶᠢᠬᠤ | ᠪᠦᠭᠡᠳ ᠴᠢᠨᠠᠭᠰᠢᠯᠠᠪᠠᠯ ︽ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ︾ | ᠬᠢᠯᠭᠡᠵᠦ ᠪᠠᠶᠢᠨ᠎ᠠ᠃ | ᠢᠷᠡᠯᠳᠡ᠄ ᠠᠷᠠᠳ ᠤᠨ ᠰᠦᠯᠵᠢᠶ᠎ᠡ |