5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾ | ᠢ ᠨᠡᠶᠢᠲᠡᠯᠡᠵᠦ᠂ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢ 6 ᠳ᠋ᠤᠭᠠᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ ᠡᠯ᠎ᠡ | ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ ᠪᠤᠯ᠄ 6 ᠳ᠋ᠤᠭᠠᠷ ᠰᠠᠷ᠎ᠠ ᠶᠢᠨ 7 ᠤ | ᠡᠳᠦᠷ ᠤᠨ 9᠄ 00 ᠴᠠᠭ ᠠᠴᠠ 11᠄ 30 ᠮᠢᠨᠦ᠋ᠲ ᠪᠣᠯᠲᠠᠯ᠎ᠠ ᠬᠡᠯᠡ ᠪᠢᠴᠢᠭ ᠰᠢᠯᠭᠠᠵᠦ᠂ 15᠄ 00 ᠴᠠᠭ | ᠠᠴᠠ 17᠄ 00 ᠪᠣᠯᠲᠠᠯ᠎ᠠ ᠲᠣᠭᠠᠨ ᠤ ᠤᠬᠠᠭᠠᠨ ᠰᠢᠯᠭᠠᠨ᠎ᠠ︔ 6 ᠰᠠᠷ᠎ᠠ ᠶᠢᠨ 8 ᠤ ᠡᠳᠦᠷ ᠤᠨ 9᠄ 00 | ᠴᠠᠭ ᠠᠴᠠ 11᠄ 30 ᠮᠢᠨᠦ᠋ᠲ ᠪᠣᠯᠲᠠᠯ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ / | ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠢ ᠰᠢᠯᠭᠠᠵᠤ᠂ 15᠄ 00 ᠴᠠᠭ ᠠᠴᠠ 17᠄ | 00 ᠴᠠᠭ ᠪᠤᠯᠳᠠᠯ᠎ᠠ ᠭᠠᠳᠠᠭᠠᠳᠤ ᠬᠡᠯᠡ ᠰᠢᠯᠭᠠᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ ᠲᠥᠷᠥᠯ ᠤᠨ ᠰᠢᠯᠭᠠᠯᠲᠠ ᠶᠢ 6 ᠰᠠᠷ᠎ᠠ ᠶᠢᠨ | 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠮᠣᠩᠭᠤᠯ ᠬᠡᠯᠡ ᠪᠢᠴᠢᠭ ︵ ᠬᠥᠬᠡ︶ ᠤᠨ | ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ ᠶᠢᠨ 7 ᠤ ᠡᠳᠦᠷ ᠤᠨ 9᠄ 00 ᠴᠠᠭ ᠠᠴᠠ 11᠄ 30 ᠮᠢᠨᠦ᠋ᠲ | ᠲᠤ ᠲᠤᠬᠢᠷᠠᠭᠤᠯᠵᠤ᠂ ᠮᠣᠩᠭᠤᠯ ᠬᠡᠯᠡ ᠪᠢᠴᠢᠭ ︵ᠬᠥᠬᠡᠭᠴᠢᠨ︶ ᠤᠨ ᠰᠢᠯᠭᠠᠯᠲᠠ ᠶᠢᠨ ᠴᠠᠭ ᠢ 6 ᠳ᠋ᠤᠭᠠᠷ | ᠰᠠᠷ᠎ᠠ ᠶᠢᠨ 9 ᠤ ᠡᠳᠦᠷ ᠤᠨ 9᠄ 00 ᠴᠠᠭ ᠠᠴᠠ 11᠄30 ᠮᠢᠨᠦ᠋ᠲ ᠲᠤ ᠲᠣᠬᠢᠷᠠᠭᠤᠯᠪᠠ᠃ | ᠲᠣᠭᠲᠠᠭᠠᠯ ᠶᠣᠰᠣᠭᠠᠷ᠂ ᠡᠩ ᠤᠨ ᠲᠥᠷᠥᠯ᠂ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠥᠷᠥᠯ ᠤᠨ | ᠰᠢᠯᠭᠠᠭᠤᠯᠤᠭᠴᠢ ᠨᠢ ᠰᠣᠶᠣᠯ ᠤᠨ ᠬᠢᠴᠢᠶᠡᠯ ᠤᠨ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠵᠤ᠂ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ | ᠲᠥᠷᠥᠯ ᠤᠨ ᠰᠢᠯᠭᠠᠭᠤᠯᠤᠭᠴᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠰᠣᠶᠣᠯ ᠤᠨ ᠬᠢᠴᠢᠶᠡᠯ ᠤᠨ ᠰᠢᠯᠭᠠᠯᠲᠠ ᠳᠤ ᠤᠷᠤᠨ᠎ᠠ᠃ ᠡᠩ ᠤᠨ ᠶᠡᠭᠡ | ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠪᠣᠯᠤᠨ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠤᠷᠠᠨ ᠵᠢᠷᠤᠭ ᠵᠢᠷᠤᠭ | ᠲᠥᠯᠥᠪᠯᠡᠭᠡ ᠶᠢᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠳᠤ ᠰᠢᠯᠭᠠᠭᠤᠯᠤᠭᠴᠢ ᠨᠢ ᠰᠣᠶᠣᠯ ᠤᠨ ᠬᠢᠴᠢᠶᠡᠯ ᠤᠨ | ᠰᠢᠯᠭᠠᠯᠲᠠ ᠳᠤ ᠤᠷᠤᠬᠤ ᠠᠴᠠ ᠭᠠᠳᠠᠨ᠎ᠠ᠂ ᠪᠠᠰᠠ ᠬᠠᠷᠠᠭᠠᠯᠵᠠᠬᠰᠠᠨ ᠲᠤᠰᠬᠠᠶ ᠮᠡᠷᠭᠡᠵᠢᠯ ᠤᠨ ᠰᠢᠯᠭᠠᠯᠲᠠ ᠳᠤ | ᠤᠷᠤᠨ᠎ᠠ ᠬᠡᠪᠡ᠃ | ᠢᠷᠡᠯᠳᠡ᠄ ᠠᠷᠠᠳ ᠤᠨ ᠰᠦᠯᠵᠢᠶ᠎ᠡ |