ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ᠄ ᠲᠣᠭᠲᠠᠬᠤ ᠰᠢᠶᠠᠨ ᠵᠡᠮᠳᠡᠭᠴᠦᠳ ᠢ ᠲᠤᠰᠠᠯᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/22
      5 ᠳ᠋ᠤᠭᠠᠷ ᠰᠠᠷ᠎ᠠ ᠶᠢᠨ 21  ᠤ ᠡᠳᠦᠷ ᠪᠣᠯ ᠭᠤᠴᠢᠨ ᠭᠤᠷᠪᠠᠳᠤᠭᠠᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠣᠨ᠎ᠠ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ︽ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ︾ ᠲᠣᠭᠤᠷᠢᠨ ᠳᠤ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ᠰᠢᠶᠠᠨ ᠤ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ ᠲᠤ ᠵᠡᠮᠳᠡᠭᠴᠦᠳ ᠢ ᠲᠤᠰᠠᠯᠠᠬᠤ ᠠᠵᠢᠯᠯᠠᠭ᠎ᠠ ᠥᠷᠨᠢᠭᠦᠯᠵᠡᠢ᠃
     ᠲᠤᠰ ᠤᠳᠠᠭ᠎ᠠ ᠶᠢᠨ ᠠᠵᠢᠯᠯᠠᠭ᠎ᠠ ᠨᠢ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ ᠤᠨ ᠰᠢᠯᠢᠳᠡᠭ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠢ ᠬᠥᠬᠢᠭᠦᠯᠦᠨ ᠰᠠᠶᠢᠰᠢᠶᠠᠵᠤ᠂ ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠬᠦ ᠤᠭ ᠰᠠᠨᠠᠭ᠎ᠠ ᠪᠣᠯᠣᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠢᠮᠠᠭᠲᠠ ᠪᠠᠷᠢᠮᠲᠠᠯᠠᠬᠤ ᠶᠢᠨ ᠬᠠᠮᠲᠤ ᠵᠡᠮᠳᠡᠭᠴᠦᠳ ᠵᠢᠴᠢ ᠲᠡᠳᠡᠨ ᠤ ᠲᠦᠷᠦᠯ ᠰᠠᠳᠤᠨ ᠨᠠᠶᠢᠵᠢ ᠨᠥᠬᠦᠳ ᠤᠨ ᠢᠲᠡᠭᠡᠭᠦᠰᠢᠲᠡᠢ᠂ ᠨᠠᠶᠢᠳᠠᠪᠤᠷᠢᠲᠠᠢ᠂ ᠰᠠᠯᠵᠤ ᠪᠣᠯᠣᠰᠢ ᠦᠭᠡᠢ ᠳᠣᠲᠣᠨᠣ ᠬᠥᠮᠥᠨ ᠪᠣᠯᠵᠤ᠂ ᠴᠢᠬᠤᠯᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠠᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠡᠯ᠎ᠡ ᠪᠠᠯᠭᠠᠰᠤ ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠲᠤ 7.2 ᠲᠦᠮᠡᠨ ᠲᠥᠭᠦᠷᠢᠭ ᠤᠨ ᠲᠣᠬᠤᠨᠢᠭᠤᠯᠬᠤ ᠺᠠᠷᠲ ᠲᠠᠷᠬᠠᠭᠠᠵᠤ᠂ 240 ᠶᠠᠳᠠᠭᠤ ᠬᠦᠴᠢᠷᠳᠡᠯᠲᠡᠢ ᠵᠡᠮᠳᠡᠭ ᠭᠡᠷ ᠪᠦᠯᠢ ᠳᠤ ᠬᠦᠷᠭᠡᠵᠦ᠂ ᠵᠡᠮᠳᠡᠭᠴᠦᠳ ᠲᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠪᠣᠯᠣᠨ ᠵᠡᠮᠳᠡᠭᠴᠦᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠳᠡᠭᠡᠪᠡ᠃
     ᠡᠭᠦᠨ ᠤ ᠬᠠᠮᠲᠤ ᠪᠠᠰᠠ ᠵᠡᠮᠳᠡᠭᠴᠦᠳ ᠢ ᠲᠤᠰᠠᠯᠠᠬᠤ ᠠᠯᠢ ᠤᠯᠠᠨ ᠦᠢᠯᠡᠴᠢᠯᠡᠭᠡ ᠶᠢ ᠥᠷᠨᠢᠭᠦᠯᠵᠡᠢ᠄ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠬᠦᠷᠳᠦᠲᠦ ᠰᠠᠨᠳᠠᠯᠢ᠂ ᠲᠠᠶᠠᠭ ᠵᠡᠷᠭᠡ ᠲᠤᠰᠠᠯᠠᠬᠤ ᠪᠠᠭᠠᠵᠢ ᠶᠢ ᠨᠡᠶᠢᠳᠡ 161 ᠬᠤᠪᠢ ᠰᠦᠢᠳᠬᠡᠯ ᠬᠤᠷᠢᠶᠠᠬᠤ ᠦᠭᠡᠢ ᠪᠠᠷ ᠤᠯᠭᠤᠪᠠ᠃ ᠵᠡᠮᠳᠡᠭᠴᠦᠳ ᠤᠨ ᠠᠵᠢᠯ ᠣᠯᠭᠤᠯᠲᠠ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠵᠢᠴᠢ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢᠨ ᠦᠢᠯᠡᠴᠢᠯᠡᠭᠡ ᠬᠢᠵᠦ᠂ ᠤᠬᠠᠭᠤᠯᠬᠤ ᠮᠠᠲ᠋ᠧᠷᠢᠶᠠᠯ ᠢ 800 ᠭᠠᠷᠤᠢ ᠬᠤᠪᠢ ᠲᠠᠷᠬᠠᠭᠠᠵᠠᠢ᠃      ᠬᠤᠶᠢᠰᠢᠳᠠ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1